| | 5 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠶᠠᠩ ᠶᠢᠨ ᠷᠦᠢ | ᠪᠦᠯᠬᠦᠮ ᠳᠠᠭᠠᠭᠤᠯᠤᠨ ᠮᠠᠨ ᠤ ᠬᠤᠲᠠ ᠶᠢᠨ ᠪᠣᠯᠪᠠᠰᠣᠨ ᠬᠤᠲᠠ ᠶᠢ ᠪᠠᠶᠢᠭᠤᠯᠬᠤ ᠠᠵᠢᠯ ᠢ ᠥᠷᠨᠢᠭᠦᠯᠵᠦ ᠪᠠᠶᠢᠭ᠎ᠠ | ᠪᠠᠶᠢᠳᠠᠯ ᠢ ᠪᠣᠳᠠᠲᠠᠢ ᠭᠠᠵᠠᠷ ᠲᠤᠨᠢ ᠭᠦᠨᠵᠡᠭᠡᠢ ᠬᠢᠨᠠᠨ ᠵᠢᠯᠤᠭᠤᠳᠴᠤ ᠪᠠᠶᠢᠴᠠᠭᠠᠪᠠ᠃ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠺᠠᠢ ᠳ᠋ᠦᠩ᠂ ᠬᠤᠲᠠ ᠶᠢᠨ | ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠢᠨᠠᠨ | ᠵᠢᠯᠤᠭᠤᠳᠬᠤ ᠳᠤ ᠣᠷᠣᠯᠴᠠᠪᠠ᠃ | | | | | | ᠶᠠᠩ ᠶᠢᠨ ᠷᠦᠢ ᠨᠠᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠤᠮᠠᠷᠠᠲᠤ ᠬᠢᠯᠢ ᠶᠢᠨ ᠨᠡᠶᠢᠭᠡᠮ | ᠲᠣᠭᠤᠷᠢᠭ᠂ ᠬᠡᠰᠡᠭ ᠰᠠᠭᠤᠭᠠᠯᠢ ᠠᠷᠠᠳ ᠤᠨ ᠲᠣᠭᠤᠷᠢᠭ᠂ ︽ᠨᠢᠭᠡ ᠪᠦᠰᠡ ᠨᠢᠭᠡ ᠵᠠᠮ︾ ᠤᠨ ᠴᠡᠴᠡᠷᠯᠢᠭ᠂ | ᠦᠨᠳᠦᠰᠦᠲᠡᠨ ᠤ ᠠᠷᠠᠯᠵᠢᠶᠠᠨ ᠤ ᠪᠦᠷᠢᠨ ᠪᠠᠷᠠᠭᠠᠲᠤ ᠠᠰᠠᠷ᠂ ᠢᠳᠡᠰᠢᠨ ᠨᠣᠭᠤᠭᠠᠨ ᠤ ᠵᠠᠬ᠎ᠠ ᠳᠡᠯᠭᠡᠭᠦᠷ᠂ | ᠴᠢᠯᠦᠭᠡᠳᠦ ᠳᠡᠯᠭᠡᠭᠦᠷ ᠵᠡᠷᠭᠡ ᠪᠣᠯᠪᠠᠰᠣᠨ ᠬᠤᠳᠠ ᠪᠠᠶᠢᠭᠤᠯᠬᠤ ᠪᠣᠳᠠᠲᠠᠢ ᠬᠡᠮᠵᠢᠯᠲᠡ ᠶᠢᠨ ᠴᠢᠭ ᠲᠤ ᠬᠦᠷᠴᠦ᠂ ᠡᠯ᠎ᠡ | ᠴᠢᠭ ᠤᠨ ᠣᠷᠣᠨ ᠪᠠᠶᠢᠷᠢ ᠶᠢ ᠪᠠᠶᠢᠭᠤᠯᠬᠤ ᠠᠵᠢᠯ ᠥᠷᠨᠢᠭᠦᠯᠦᠭᠰᠡᠨ ᠪᠠᠶᠢᠳᠠᠯ ᠢ ᠪᠣᠳᠠᠲᠠᠢ ᠭᠠᠵᠠᠷ ᠲᠤᠨᠢ ᠬᠢᠨᠠᠨ | ᠵᠢᠯᠤᠭᠤᠳᠴᠤ ᠪᠠᠶᠢᠴᠠᠭᠠᠪᠠ᠃ | | | | | | ᠪᠠᠶᠢᠴᠠᠭᠠᠬᠤ ᠳᠤᠭᠤᠶᠢᠯᠠᠩ ᠤᠨ ᠬᠢᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠪᠠᠶᠢᠷᠢᠯᠠᠭᠤᠯᠬᠤ᠂ ᠡᠬᠡ | ᠨᠢᠯᠬᠠᠰ ᠤᠨ ᠥᠷᠥᠭᠡ ᠶᠢ ᠨᠡᠭᠡᠭᠡᠨ ᠬᠡᠷᠡᠭᠯᠡᠬᠦ᠂ ᠣᠷᠴᠢᠨ ᠠᠬᠤᠢ ᠶᠢᠨ ᠡᠷᠡᠭᠦᠯ ᠬᠠᠮᠠᠭᠠᠯᠠᠯ᠂ ᠵᠠᠮ ᠡᠵᠡᠯᠡᠨ ᠡᠵᠡᠩᠨᠡᠬᠦ᠂ | ᠴᠡᠴᠡᠷᠯᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ | ᠠᠰᠠᠭᠤᠳᠠᠯ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠡᠯ᠎ᠡ ᠬᠠᠷᠢᠭᠤᠴᠠᠯᠭ᠎ᠠ ᠶᠢᠨ ᠪᠡᠶᠡᠴᠢ | ᠴᠣᠭᠴᠠ ᠶᠢᠨ ᠨᠢᠭᠡᠴᠡ ᠶᠢ ᠰᠢᠯᠭᠠᠨ ᠲᠣᠭᠲᠠᠭᠠᠬᠤ ᠪᠠᠷᠢᠮᠵᠢᠶ᠎ᠠ ᠶᠢ ᠴᠢᠩᠭ᠎ᠠ ᠵᠢᠷᠤᠮᠯᠠᠨ ᠴᠡᠭᠴᠡᠯᠡᠨ ᠰᠠᠶᠢᠵᠢᠷᠠᠭᠤᠯᠬᠤ | ᠪᠠ ᠲᠡᠭᠦᠯᠳᠡᠷᠵᠢᠭᠦᠯᠵᠦ᠂ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | | | ᠪᠠᠶᠢᠴᠠᠭᠠᠬᠤ ᠳᠤᠭᠤᠶᠢᠯᠠᠩ ᠠᠴᠠ᠂ ᠪᠣᠯᠪᠠᠰᠤᠨ ᠬᠤᠳᠠ ᠶᠢ ᠪᠠᠶᠢᠭᠤᠯᠬᠤ ᠪᠣᠯ ᠥᠷᠭᠡᠨ ᠤᠯᠠᠨ ᠠᠷᠠᠳ | ᠲᠦᠮᠡᠨ ᠳᠤ ᠪᠤᠶᠠᠨ ᠦᠢᠯᠡᠳᠬᠦ᠂ ᠬᠤᠳᠠ ᠶᠢᠨ ᠳᠦᠷᠢ ᠲᠥᠷᠬᠦ ᠶᠢ ᠳᠡᠭᠡᠭᠰᠢᠯᠡᠭᠦᠯᠬᠦ ᠴᠢᠬᠤᠯᠠ ᠶᠡᠭᠡ ᠢᠨᠵᠧᠨᠧᠷᠢᠩ | ᠪᠣᠯᠣᠨ᠎ᠠ᠂ ᠡᠯ᠎ᠡ ᠴᠢᠭ ᠪᠠᠶᠢᠷᠢ ᠶᠢᠨ ᠬᠠᠷᠢᠭᠤᠴᠠᠬᠤ ᠨᠢᠭᠡᠴᠡ ᠨᠦᠭᠦᠳ ᠬᠤᠳᠠ ᠪᠠᠶᠢᠭᠤᠯᠬᠤ ᠪᠠᠷᠢᠮᠵᠢᠶ᠎ᠠ ᠶᠢᠨ | ᠱᠠᠭᠠᠷᠳᠠᠯᠭ᠎ᠠ ᠲᠠᠢ ᠬᠠᠷᠢᠴᠠᠭᠤᠯᠵᠤ᠂ ᠳᠤᠲᠠᠭᠤᠳᠠᠯ ᠢᠶᠠᠨ ᠨᠥᠬᠦᠪᠦᠷᠢᠯᠡᠵᠦ᠂ ᠦᠢᠯᠡᠴᠢᠯᠡᠭᠡᠨ ᠤ ᠲᠥᠬᠦᠭᠡᠷᠦᠮᠵᠢ ᠪᠠᠨ | ᠴᠢᠨᠠᠭᠰᠢᠳᠠ ᠲᠡᠭᠦᠯᠳᠡᠷᠵᠢᠭᠦᠯᠵᠦ᠂ ᠦᠢᠯᠡᠴᠢᠯᠡᠭᠡᠨ ᠤ ᠴᠢᠳᠠᠪᠬᠢ ᠪᠠᠨ ᠴᠢᠩᠭᠠᠳᠬᠠᠵᠤ᠂ ᠠᠷᠠᠳ ᠤᠯᠠᠨ ᠢ ᠪᠣᠯᠪᠠᠰᠣᠨ | ᠬᠤᠳᠠ ᠪᠠᠶᠢᠭᠤᠯᠬᠤ ᠶᠠᠪᠤᠴᠠ ᠳᠤ ᠨᠡᠩ ᠤᠯᠠᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ | ᠲᠦᠪᠰᠢᠨ ᠤ ᠲᠥᠷᠥᠭᠳᠡᠯ ᠲᠠᠢ ᠪᠣᠯᠭᠠᠬᠤ ᠬᠡᠷᠡᠭᠲᠡᠢ ᠭᠡᠵᠦ ᠵᠢᠭᠠᠪᠣᠷᠢᠯᠠᠪᠠ᠃ | | |