| ᠡᠨᠡ ᠵᠢᠯ ᠤᠨ 5 ᠰᠠᠷ᠎ᠠ ᠶᠢᠨ 19 ᠤ ᠡᠳᠦᠷ ᠪᠣᠯ 12 ᠳ᠋ᠤᠭᠠᠷ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ | ᠪᠣᠯᠣᠨ᠎ᠠ᠂ ᠲᠤᠬᠠᠢ ᠶᠢᠨ ᠡᠳᠦᠷ ︽ᠳᠤᠮᠳᠠᠳᠤ ᠶᠢᠨ ᠰᠣᠶᠣᠯ ᠤᠨ ᠭᠤᠸ᠎ᠠ ᠰᠠᠶᠢᠬᠠᠨ ᠢ ᠣᠶᠢᠯᠠᠭᠠᠵᠤ ᠬᠥᠮᠥᠨ ᠤ | ᠠᠮᠢᠳᠤᠷᠠᠯ ᠤᠨ ᠰᠠᠶᠢᠨ ᠰᠠᠶᠢᠬᠠᠨ ᠠᠶᠠᠯᠠᠯ ᠢ ᠡᠳ᠋ᠯᠡᠶ᠎ᠡ︾ ᠭᠡᠰᠡᠨ ᠭᠤᠣᠯ ᠰᠡᠳᠦᠪ ᠢᠶᠠᠷ᠂ ᠬᠤᠲᠠ ᠶᠢᠨ ᠰᠣᠶᠣᠯ ᠲᠠᠮᠢᠷ | ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ 2022 ᠣᠨ ᠤ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ | ︾ ᠤᠨ ᠡᠷᠢᠶᠡᠨ ᠬᠤᠲᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠺᠠᠢ ᠳ᠋ᠦᠩ᠂ ᠬᠤᠲᠠ ᠶᠢᠨ ᠳᠡᠳ᠋ ᠳᠠᠷᠤᠭ᠎ᠠ ᠵᠠᠩ ᠶᠦᠩ ᡁᠢ | ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | | | | | | ᠦᠳᠡ ᠶᠢᠨ ᠡᠮᠦᠨᠡᠬᠢ 10 ᠴᠠᠭ ᠤᠨ ᠦᠶ᠎ᠡ ᠪᠠᠷ᠂ ᠡᠬᠢᠯᠡᠯᠲᠡ ᠶᠢᠨ ᠶᠣᠰᠣᠯᠠᠯ ᠮᠣᠷᠢᠨ ᠬᠤᠭᠤᠷ ᠤᠨ ᠳᠠᠭᠤᠨ ᠤ | ᠳᠤᠮᠳᠠ ᠬᠥᠰᠢᠭᠡ ᠪᠠᠨ ᠰᠡᠬᠦᠪᠡ᠃ | | | ᠵᠠᠩ ᠺᠠᠢ ᠳ᠋ᠦᠩ ︽ᠡᠷᠢᠶᠡᠨ ᠬᠤᠲᠠ ᠶᠢᠨ ᠪᠣᠯᠪᠠᠰᠤᠨ ᠵᠢᠭᠤᠯᠴᠢᠯᠠᠯ ᠤᠨ ᠰᠠᠨᠠᠭᠠᠴᠢᠯᠠᠭ᠎ᠠ ᠶᠢᠨ ᠪᠢᠴᠢᠭ︾ ᠢ ᠤᠩᠰᠢᠨ | ᠨᠡᠶᠢᠲᠡᠯᠡᠭᠰᠡᠨ ᠪᠥᠭᠡᠳ 2022 ᠣᠨ ᠤ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠡᠷᠢᠶᠡᠨ ᠬᠤᠲᠠ ᠶᠢᠨ | ᠭᠤᠣᠯ ᠰᠡᠳᠦᠪᠲᠦ ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ ᠵᠠᠷᠯᠠᠪᠠ᠃ | ᠵᠠᠩ ᠶᠦᠩ ᡁᠢ ᠪᠠᠶᠠᠷ ᠤᠨ ᠦᠭᠡ ᠳᠤ ᠪᠠᠨ᠂ ᠲᠤᠰ ᠤᠳᠠᠭ᠎ᠠ ᠶᠢᠨ ᠠᠵᠢᠯᠯᠠᠭ᠎ᠠ ᠨᠢ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠣᠶᠣᠯ ᠵᠢᠭᠤᠯᠴᠢᠯᠠᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠡᠷᠬᠢᠯᠡᠬᠦ ᠪᠠᠷ | ᠳᠠᠮᠵᠢᠭᠤᠯᠵᠤ᠂ ᠪᠣᠭᠤᠮᠲᠠ ᠶᠢᠨ ᠤᠯᠠᠨ ᠲᠦᠮᠡᠨ ᠤ ᠵᠢᠭᠤᠯᠴᠢᠯᠠᠯ ᠤᠨ ᠬᠠᠯᠠᠭᠤᠨ ᠰᠡᠳᠬᠢᠯᠭᠡ ᠶᠢ ᠬᠥᠭᠵᠢᠭᠡᠵᠦ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠣᠭᠳᠣᠨ᠎ᠠ᠃ ᠵᠢᠭᠤᠯᠴᠢᠯᠠᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠳ ᠵᠢᠭᠤᠯᠴᠢᠯᠠᠯ ᠤᠨ ᠲᠥᠷᠥᠯ ᠵᠦᠢᠯ ᠤᠨ ᠰᠣᠶᠣᠯ ᠤᠨ ᠰᠢᠨ᠎ᠡ ᠶᠢ ᠡᠭᠦᠳᠬᠦ ᠶᠢ | ᠢᠳᠡᠪᠬᠢᠲᠡᠢ ᠪᠠᠷ ᠠᠬᠢᠭᠤᠯᠵᠤ᠂ ᠵᠢᠭᠤᠯᠴᠢᠯᠠᠯ ᠤᠨ ᠲᠠᠸᠠᠷ ᠤᠨ ᠰᠣᠶᠣᠯ ᠤᠨ ᠪᠦᠲᠦᠭᠡᠯᠴᠢ ᠰᠡᠳᠬᠢᠮᠵᠢ ᠶᠢ ᠳᠡᠭᠡᠭᠰᠢᠯᠡᠭᠦᠯᠦᠨ᠂ | ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠪᠣᠭᠤᠮᠲᠠ ᠶᠢᠨ ᠵᠢᠭᠤᠯᠴᠢᠯᠠᠯ ᠤᠨ ᠦᠢᠯᠡᠰ ᠤᠨ | ᠥᠷᠢᠰᠦᠯᠳᠦᠬᠦ ᠬᠦᠴᠦᠨ ᠢ ᠴᠢᠩᠭᠠᠷᠠᠭᠤᠯᠬᠤ ᠬᠡᠷᠡᠭᠲᠡᠢ᠃ ᠬᠢᠵᠢᠭ ᠤᠨ ᠰᠡᠷᠭᠡᠶᠢᠯᠡᠯᠲᠡ ᠶᠢ ᠪᠠᠲᠤᠯᠠᠭᠰᠠᠨ ᠤᠷᠢᠲᠠᠯ ᠳᠣᠣᠷ᠎ᠠ᠂ | ᠡᠯ᠎ᠡ ᠲᠦᠷᠦᠯ ᠤᠨ ᠣᠶᠢᠷ᠎ᠠ ᠣᠷᠴᠢᠮ ᠤᠨ ᠵᠣᠭᠠᠴᠠᠯ᠂ ᠬᠥᠳᠡᠭᠡ ᠲᠣᠰᠬᠤᠨ ᠤ ᠵᠤᠭᠠᠴᠠᠯ ᠢ ᠤᠬᠠᠭᠤᠯᠤᠨ ᠳᠡᠯᠭᠡᠷᠡᠭᠦᠯᠬᠦ | ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ᠵᠣᠭᠠᠴᠠᠯ ᠤᠨ ᠦᠢᠯᠡᠰ ᠤᠨ ᠰᠢᠨ᠎ᠡ ᠰᠡᠳᠬᠢᠴᠡ ᠰᠢᠨ᠎ᠡ | ᠡᠬᠦᠳᠦᠯᠳᠠ ᠶᠢ ᠬᠦᠭᠵᠢᠬᠦᠯᠬᠦ ᠬᠡᠷᠡᠭᠲᠡᠢ᠃ ᠪᠣᠯᠪᠠᠰᠤᠨ ᠵᠣᠭᠠᠴᠠᠯ ᠤᠨ ᠠᠮᠠᠯᠠᠯᠲᠠ ᠪᠠᠨ ᠦᠢᠯᠡᠳᠦᠯᠭᠡᠵᠢᠭᠦᠯᠵᠦ᠂ | ᠪᠣᠭᠤᠮᠲᠠ ᠶᠢᠨ ᠵᠤᠭᠠᠴᠠᠯ ᠤᠨ ᠦᠢᠯᠡᠰ ᠤᠨ ᠰᠢᠨ᠎ᠡ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ | ᠠᠵᠢᠯᠯᠠᠭ᠎ᠠ ᠨᠢ ᠤᠬᠠᠭᠤᠯᠭ᠎ᠠ ᠶᠢᠨ ᠲᠠᠪᠴᠠᠩ ᠭᠠᠷᠭᠠᠬᠤ᠂ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠶᠢ ᠡᠯᠭᠦᠬᠦ᠂ | ᠤᠬᠠᠭᠤᠯᠭ᠎ᠠ ᠶᠢᠨ ᠰᠠᠮᠪᠠᠷ᠎ᠠ ᠶᠢ ᠳᠡᠯᠭᠡᠬᠦ ᠵᠢᠴᠢ ᠬᠤᠲᠠ ᠶᠢᠨ ᠠᠷᠠᠳ ᠲᠤ ᠪᠣᠯᠪᠠᠰᠤᠨ ᠵᠢᠭᠤᠯᠴᠢᠯᠠᠯ ᠤᠨ ᠤᠬᠠᠭᠤᠯᠭ᠎ᠠ ᠶᠢᠨ | ᠳᠡᠪᠲᠡᠷ᠂ ᠡᠷᠢᠶᠡᠨ ᠬᠤᠲᠠ ᠶᠢᠨ ᠵᠢᠭᠤᠯᠴᠢᠯᠠᠯ ᠤᠨ ᠵᠦᠭᠯᠡᠭᠦᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠢᠭᠤᠯᠴᠢᠯᠠᠯ ᠤᠨ ᠳᠦᠷᠢᠮ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠬᠤ ᠪᠠᠷ ᠳᠠᠮᠵᠢᠭᠤᠯᠤᠨ᠂ ᠣᠯᠠᠨ ᠳᠤ | ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠵᠦ᠂ ᠮᠠᠨ ᠤ ᠬᠤᠲᠠ ᠶᠢᠨ ᠪᠥᠬᠦ ᠴᠠᠷᠠᠭᠠᠨ ᠤ ᠵᠢᠭᠤᠯᠴᠢᠯᠠᠯ ᠤᠨ ᠦᠷ᠎ᠡ | ᠪᠦᠲᠦᠭᠡᠯ ᠢ ᠳᠡᠯᠭᠡᠨ ᠦᠵᠡᠭᠦᠯᠬᠦ ᠪᠣᠯᠣᠨ᠎ᠠ᠃ | ᠠᠵᠢᠯᠯᠠᠭ᠎ᠠ ᠶᠢᠨ ᠳᠤᠮᠳᠠ᠂ ᠤᠯᠠᠭᠠᠨᠮᠥ᠋ᠴᠢᠷ ᠤᠨ ᠲᠣᠭᠯᠠᠭᠴᠢᠳ ᠭᠤᠴᠣᠯᠠᠯ ᠳᠠᠭᠤᠤ ᠵᠡᠷᠭᠡ ᠤᠷᠠᠨ ᠰᠠᠶᠢᠬᠠᠨ ᠤ | ᠲᠣᠭᠯᠠᠯᠲᠠ ᠪᠠᠨ ᠳᠡᠪᠰᠢᠭᠦᠯᠪᠡ᠃ | | | | | | | ᠣᠶᠢᠯᠠᠭᠠᠭᠰᠠᠨ ᠢᠶᠠᠷ᠂ ᠵᠢᠭᠤᠯᠴᠢᠯᠠᠯ ᠤᠨ ᠠᠵᠢᠯ ᠲᠥᠷᠥᠯ ᠤᠨ ᠬᠥᠭᠵᠢᠯᠲᠡ ᠶᠢᠨ ᠢᠲᠡᠭᠡᠯ ᠵᠣᠷᠢᠭ ᠢ ᠤᠯᠠᠮ ᠨᠢᠭᠡ | ᠠᠯᠬᠤᠮ ᠬᠥᠪᠴᠢᠯᠡᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠂ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠡᠷᠭᠦᠯᠲᠡ ᠪᠠ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠳᠣᠯᠠᠳᠠ᠂ ︽ | ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠲᠤᠬᠠᠢ ᠶᠢᠨ ᠡᠳᠦᠷ᠂ ᠤᠯᠤᠰ ᠤᠨ ᠭᠠᠵᠠᠷ ᠰᠢᠨᠵᠢᠯᠡᠭᠡᠨ ᠤ | ᠴᠡᠴᠡᠷᠯᠢᠭ ᠤᠨ ᠦᠵᠡᠮᠵᠢ ᠶᠢᠨ ᠣᠷᠣᠨ ᠳᠤ ᠪᠥᠬᠦ ᠡᠳᠦᠷ ᠢᠶᠠᠷ ᠢᠶᠠᠨ ᠪᠢᠯᠧᠲ ᠠᠪᠬᠤ ᠦᠭᠡᠢ ᠪᠠᠶᠢᠵᠤ᠂ ᠰᠣᠶᠣᠯ ᠤᠨ | ᠣᠷᠳᠣᠨ᠂ ᠨᠣᠮ ᠤᠨ ᠰᠠᠩ ᠢ ᠭᠠᠳᠠᠭᠰᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠵᠦ᠂ ᠤᠯᠠᠭᠠᠨᠮᠥ᠋ᠴᠢᠷ ᠠᠷᠠᠳ ᠲᠤ | ᠠᠰᠢᠭ ᠬᠦᠷᠲᠡᠭᠡᠬᠦ ᠲᠣᠭᠯᠠᠯᠲᠠ ᠭᠠᠷᠭᠠᠵᠠᠢ᠃ | | | |