ᠪᠦᠬᠦ ᠬᠤᠳᠠ ᠶᠢᠨ ᠠᠬᠠᠮᠠᠳ ᠨᠠᠰᠣᠳᠠᠶᠢᠴᠣᠳ ᠲᠤ ᠢᠯᠡᠭᠡᠬᠦ ᠵᠠᠬᠢᠳᠠᠯ
ᠨᠡᠶᠢᠲᠡᠯᠡᠭᠰᠡᠨ ᠴᠠᠭ᠄
2022/5/24
ᠪᠥᠬᠦ ᠬᠤᠲᠠ ᠶᠢᠨ ᠠᠬᠠᠮᠠᠳ ᠨᠠᠰᠣᠳᠠᠶᠢᠴᠣᠳ ᠡ᠄     ᠣᠷᠴᠢᠮ ᠠᠴᠠ ᠮᠡᠬᠡᠯᠡᠯ ᠤᠨ ᠬᠡᠷᠡᠭ ᠵᠠᠯᠭ᠎ᠠ ᠵᠠᠯᠭ᠎ᠠ ᠪᠠᠷ ᠭᠠᠷᠴᠤ ᠪᠠᠶᠢᠨ᠎ᠠ᠃ ᠶᠠᠯᠠᠲᠤ ᠡᠲᠡᠭᠡᠳ᠂ ᠨᠠᠰᠤᠲᠠᠶᠢᠴᠤᠳ ᠤᠨ ᠮᠡᠬᠡᠯᠡᠯ ᠢ ᠰᠡᠷᠭᠡᠶᠢᠯᠡᠬᠦ ᠤᠬᠠᠮᠰᠠᠷ ᠰᠣᠯᠠ ᠳᠠᠯ᠎ᠠ ᠶᠢ ᠠᠰᠢᠭᠯᠠᠨ᠂  ︽ᠨᠠᠰᠤᠵᠢᠯ ᠤᠨ ᠠᠰᠠᠷᠠᠮᠵᠢ ᠶᠢᠨ ᠨᠡᠷ᠎ᠡ︾ ᠪᠠᠷ ᠮᠡᠬᠡᠯᠡᠯ ᠤᠨ ᠠᠵᠢᠯᠯᠠᠭ᠎ᠠ ᠬᠢᠵᠦ᠂ ᠨᠠᠰᠤᠲᠠᠶᠢᠴᠤᠳ ᠲᠤ ᠠᠵᠤ ᠠᠬᠤᠢ ᠶᠢᠨ ᠬᠤᠬᠢᠷᠠᠯ ᠪᠠ ᠣᠶᠤᠨ ᠰᠠᠨᠠᠭᠠᠨ ᠤ ᠭᠤᠳᠣᠷᠠᠯ ᠳᠤ ᠣᠷᠣᠭᠤᠯᠵᠦ᠂ ᠳᠡᠳᠡᠨ ᠤ ᠪᠡᠶ᠎ᠡ ᠰᠡᠳᠬᠢᠯ ᠤᠨ ᠡᠷᠡᠭᠦᠯ ᠮᠡᠨᠳᠦ᠂ ᠭᠡᠷ ᠪᠦᠯᠢ ᠶᠢᠨ ᠡᠪ ᠨᠠᠶᠢᠷ ᠢ ᠬᠦᠨᠳᠦ ᠨᠣᠴᠢᠲᠠᠢ ᠨᠥᠯᠥᠭᠡᠯᠡᠵᠦ ᠪᠠᠶᠢᠨ᠎ᠠ᠃     ᠨᠠᠰᠣᠳᠠᠶᠢᠴᠣᠳ ᠠᠮᠤᠷ ᠳᠠᠶᠢᠪᠣᠩ ᠪᠣᠰᠦ ᠪᠣᠯ ᠭᠡᠷ ᠪᠦᠯᠢ ᠠᠮᠤᠷ ᠳᠠᠶᠢᠪᠣᠩ  ᠪᠣᠰᠦ᠂ ᠭᠡᠷ ᠪᠦᠯᠢ ᠠᠮᠤᠷ ᠳᠠᠶᠢᠪᠣᠩ ᠪᠣᠰᠦ ᠪᠣᠯ ᠨᠡᠶᠢᠭᠡᠮ ᠠᠮᠤᠷ ᠳᠠᠶᠢᠪᠣᠩ ᠪᠣᠰᠦ ᠪᠣᠯᠣᠨ᠎ᠠ᠃ ᠨᠠᠮ ᠤᠨ ᠲᠥᠪ ᠬᠤᠷᠢᠶ᠎ᠠ ᠠᠴᠠ ᠨᠠᠰᠤᠵᠢᠯ ᠤᠨ ᠮᠡᠬᠡᠯᠡᠯ ᠤᠨ ᠶᠠᠯᠠᠳᠦ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠦᠬᠦ ᠤᠯᠤᠰ ᠲᠤ ᠬᠠᠭᠠᠰ ᠵᠢᠯ ᠤᠨ ᠬᠤᠭᠤᠴᠠᠭ᠎ᠠ ᠲᠠᠢ ᠨᠠᠰᠤᠵᠢᠯ ᠤᠨ ᠮᠡᠬᠡᠯᠡᠯ ᠤᠨ ᠶᠠᠯᠠᠳᠦ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠲᠣᠭᠲᠠᠵᠤ᠂ ᠵᠢᠳᠠᠨ ᠦᠵᠦᠬᠦᠷ ᠢᠶᠠᠨ ᠨᠠᠰᠤᠲᠠᠶᠢᠴᠤᠳ ᠤᠨ ᠠᠰᠢᠭ ᠢ ᠬᠤᠬᠢᠷᠠᠭᠤᠯᠬᠤ ᠮᠡᠬᠡᠯᠡᠯ ᠤᠨ ᠶᠠᠯᠠᠲᠤ ᠠᠵᠢᠯᠯᠠᠭ᠎ᠠ ᠳᠤ  ᠴᠢᠭᠯᠡᠬᠦᠯᠵᠦ᠂ ᠪᠦᠬᠦ ᠨᠡᠶᠢᠭᠡᠮ ᠳᠠᠶᠠᠭᠠᠷ ᠰᠢᠳᠤᠷᠭᠤ ᠶᠣᠰᠣ ᠶᠢ ᠳᠡᠳᠬᠦᠨ᠂ ᠲᠥᠪ ᠰᠤᠷᠲᠠᠯ ᠢ ᠪᠠᠳᠠᠷᠠᠭᠤᠯᠬᠤ ᠠᠭᠤᠷ ᠠᠮᠢᠰᠬᠤᠯ ᠢ ᠪᠣᠢ ᠪᠣᠯᠭᠠᠨ᠂ ᠤᠯᠠᠨ ᠲᠦᠮᠡᠨ ᠤ ᠬᠠᠮᠤᠭ ᠠᠴᠠ ᠰᠠᠨᠠᠭᠠᠰᠢᠷᠡᠵᠦ ᠪᠤᠬᠢᠨᠢᠳᠤᠵᠤ ᠵᠠᠨᠣᠵᠦ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠷᠠᠳ ᠤᠯᠠᠨ ᠤ ︽ᠨᠠᠰᠤᠵᠢᠯ ᠤᠨ ᠠᠰᠠᠷᠠᠮᠵᠢ ᠶᠢᠨ ᠵᠣᠭᠤᠰ︾ ᠢ ᠰᠠᠶᠢᠲᠤᠷ ᠰᠠᠬᠢᠨ ᠬᠠᠮᠠᠭᠠᠯᠠᠵᠤ᠂ ᠨᠠᠰᠤᠲᠠᠶᠢᠴᠤᠳ ᠤᠨ ᠥᠲᠡᠯᠦᠭᠡ ᠨᠠᠰᠤ ᠪᠠᠨ ᠵᠣᠯ ᠵᠢᠷᠭᠠᠯ ᠲᠠᠢ ᠪᠠᠷ ᠦᠩᠬᠡᠷᠡᠬᠦᠯᠬᠦ ᠶᠢ ᠪᠠᠳᠣᠯᠠᠬᠤ ᠬᠡᠷᠡᠭᠳᠠᠢ ᠭᠡᠪᠡ᠃ ᠡᠳᠦᠭᠡ ᠪᠥᠬᠦ ᠬᠤᠲᠠ ᠶᠢᠨ ᠠᠬᠠᠮᠠᠳ ᠨᠠᠰᠣᠳᠠᠶᠢᠴᠣᠳ ᠲᠤ ᠳᠣᠣᠷᠠᠬᠢ ᠮᠡᠲᠦ ᠰᠠᠨᠠᠭᠠᠴᠢᠯᠠᠭ᠎ᠠ ᠭᠠᠷᠭᠠᠶ᠎ᠠ᠄ᠨᠢᠭᠡ᠂ ᠠᠰᠢᠭ ᠬᠤᠨᠵᠢᠪᠤᠷᠢ ᠳᠤ ᠰᠢᠨᠤᠵᠤ ᠪᠣᠯᠬᠤ ᠦᠭᠡᠢ᠄ ᠵᠦᠢᠯ ᠵᠢᠰᠦᠮ ᠤᠨ ᠮᠡᠬᠡᠯᠡᠯ ᠳᠤ ᠬᠠᠨᠳᠤᠬᠤ ᠳᠠᠭᠠᠨ ᠡᠷᠬᠡᠪᠰᠢ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ︽ᠪᠠᠭ᠎ᠠ ᠵᠣᠭᠤᠰ ᠢᠶᠠᠷ ᠶᠡᠭᠡ ᠵᠣᠭᠤᠰ ᠣᠯᠬᠤ︾ ︽ᠬᠥᠳᠡᠯᠮᠦᠷᠢᠯᠡᠬᠦ ᠦᠭᠡᠢ ᠪᠠᠷ ᠣᠯᠬᠤ︾ ᠭᠡᠰᠡᠨ ᠪᠣᠳᠣᠯ ᠢᠶᠠᠨ ᠲᠠᠶᠠᠭᠳᠠᠵᠤ᠂ ᠪᠠᠭ᠎ᠠ ᠰᠠᠭ᠎ᠠ ᠠᠰᠢᠭ ᠲᠤᠰᠠ ᠳᠤ ᠰᠢᠨᠤᠬᠤ ᠦᠭᠡᠢ ᠪᠠᠶᠢᠵᠤ᠂ ᠥᠨᠳᠥᠷ ᠠᠰᠢᠭ ᠤᠨ ᠥᠳᠥᠭᠡᠯᠭᠡ ᠠᠴᠠ ᠵᠠᠶᠢᠳᠠᠵᠤ᠂ ᠭᠡᠨᠡᠳᠲᠡ ᠶᠢᠨ ︽ᠬᠠᠯᠠᠭᠤᠨ ᠰᠡᠳᠬᠢᠯᠲᠦ ᠬᠥᠮᠥᠨ︾ ᠳᠤ ᠪᠣᠯᠭᠤᠮᠵᠢᠲᠠᠢ ᠬᠠᠨᠳᠤᠵᠤ᠂ ᠥᠪᠡᠷ ᠤᠨ ᠨᠠᠰᠤᠵᠢᠯ ᠤᠨ ᠠᠰᠠᠷᠠᠮᠵᠢ ᠶᠢᠨ ᠵᠣᠭᠤᠰ ᠢᠶᠠᠨ ᠰᠠᠶᠢᠲᠤᠷ  ᠰᠠᠬᠢᠵᠦ ᠬᠠᠮᠠᠭᠠᠯᠠᠬᠤ ᠬᠡᠷᠡᠭᠲᠡᠢ᠃ᠬᠤᠶᠠᠷ᠂ ᠰᠡᠷᠡᠮᠵᠢᠯᠡᠬᠦ ᠣᠬᠠᠮᠰᠠᠷ ᠲᠠᠢ ᠪᠠᠶᠢᠬᠤ ᠬᠡᠷᠡᠭᠲᠡᠢ᠄ ᠨᠠᠰᠤᠲᠠᠨ ᠢ ᠠᠰᠠᠷᠠᠬᠤ ᠬᠦᠷᠢᠶᠡᠯᠡᠩ ᠤᠨ ᠣᠷᠣ ᠶᠢ ᠤᠷᠢᠳᠴᠢᠯᠠᠨ ᠵᠠᠬᠢᠶᠠᠯᠠᠬᠤ᠂ ᠠᠰᠠᠷᠠᠨ ᠰᠤᠪᠢᠯᠠᠬᠤ ᠵᠡᠷᠭᠡ ︽ᠨᠠᠰᠤᠲᠠᠨ ᠢ ᠠᠰᠠᠷᠠᠬᠤ ᠦᠢᠯᠡᠴᠢᠯᠡᠭᠡ︾ ᠶᠢᠨ ᠨᠡᠷ᠎ᠡ ᠪᠠᠷ ᠨᠠᠰᠣᠳᠠᠶᠢᠴᠣᠳ ᠢ ᠬᠠᠭᠤᠷᠤᠨ ᠮᠡᠬᠡᠯᠡᠵᠦ ᠪᠠᠶᠢᠭᠠᠳ ᠤᠷᠢᠳᠴᠢᠯᠠᠨ ᠮᠦᠩᠬᠦ ᠳᠣᠰᠢᠶᠠᠯᠭᠠᠬᠤ᠂ ︽ᠠᠰᠠᠷᠠᠮᠵᠢ ᠶᠢᠨ ᠭᠠᠵᠠᠷ ᠤᠨ ᠣᠷᠦ︾ ᠳᠤ ᠪᠡᠯᠡ ᠣᠷᠣᠭᠤᠯᠣᠯᠳᠠ ᠬᠢᠵᠦ ᠠᠰᠢᠭ ᠣᠯᠬᠤ︔ ︽ᠨᠠᠰᠤᠵᠢᠯ ᠤᠨ ᠠᠰᠠᠷᠠᠮᠵᠢ ᠶᠢᠨ ᠲᠥᠷᠥᠯ ᠵᠦᠢᠯ︾ ᠳᠤ ᠪᠡᠯᠡ ᠣᠷᠣᠭᠤᠯᠬᠤ ᠨᠡᠷ᠎ᠡ ᠪᠠᠷ ᠬᠤᠨᠣᠵᠤ ᠬᠡᠪᠲᠡᠬᠦ ᠬᠤᠭᠤᠯᠠ ᠤᠮᠳᠠ᠂ ᠲᠣᠭᠤᠷᠢᠨ ᠦᠵᠡᠬᠦ ᠵᠢᠭᠤᠯᠴᠢᠯᠠᠯ ᠬᠠᠩᠭᠠᠬᠤ᠂  ᠬᠠᠭᠤᠴᠢᠨ ᠤ ᠬᠠᠳᠠᠭᠠᠯᠠᠮᠵᠢ ᠶᠢᠨ ᠡᠳ᠋ ᠪᠣᠳᠠᠰ ᠲᠤ ᠳᠦᠯᠦᠪᠣᠷᠢ ᠦᠭᠡᠢ ᠪᠠᠷ ᠰᠢᠯᠭᠠᠨ ᠦᠨᠡᠯᠡᠬᠦ᠂ ᠥᠨᠳᠥᠷ ᠬᠦᠦ ᠲᠠᠢ ᠬᠠᠳᠠᠭᠠᠯᠠᠮᠵᠢ ᠵᠡᠷᠭᠡ ᠪᠠᠷ ᠥᠭᠶᠥᠭᠡ ᠪᠣᠯᠭᠠᠵᠤ ᠨᠠᠰᠣᠳᠠᠶᠢᠴᠣᠳ ᠢ ᠪᠡᠯᠡ ᠣᠷᠣᠭᠤᠯᠤᠯᠲᠠ ᠬᠢᠯᠭᠡᠬᠦ ᠮᠡᠬᠡᠯᠡᠯ ᠤᠨ ᠠᠵᠢᠯᠯᠠᠭ᠎ᠠ ᠶᠢ ᠰᠡᠷᠡᠮᠵᠢᠯᠡᠬᠦ ᠬᠡᠷᠡᠭᠲᠡᠢ︔ ︽ᠭᠡᠷ ᠬᠦᠷᠦᠩᠭᠡ ᠪᠠᠷ ᠨᠠᠰᠣᠵᠢᠯ ᠢᠶᠠᠨ ᠳᠡᠵᠢᠭᠡᠬᠦ︾ ᠨᠡᠷ᠎ᠡ ᠪᠠᠷ ᠭᠡᠷ ᠬᠦᠷᠦᠩᠭᠡ ᠶᠢᠨ ᠪᠣᠷᠤᠯᠠᠭᠤᠯᠭ᠎ᠠ ᠳᠤ ᠨᠠᠰᠣᠳᠠᠶᠢᠴᠣᠳ ᠢ ᠮᠡᠬᠡᠯᠡᠨ ᠣᠷᠣᠭᠤᠯᠵᠦ᠂ ᠬᠤᠳᠠᠯ ᠬᠠᠭᠤᠷᠮᠠᠭ ᠭᠡᠷ᠎ᠡ ᠳᠣᠭᠳᠠᠭᠠᠯᠭᠠᠬᠤ᠂ ᠳᠠᠭᠠᠭᠠᠯᠲᠠ ᠬᠢᠬᠦ᠂ ᠳᠠᠨᠵᠢᠯᠠᠬᠤ ᠵᠡᠷᠭᠡ ᠠᠷᠭ᠎ᠠ ᠮᠠᠶ᠋ᠢᠭ ᠢᠶᠠᠷ ᠭᠡᠷ ᠬᠥᠷᠥᠩᠭᠡ ᠶᠢ ᠨᠢ ᠪᠠᠷᠢᠴᠠᠭᠠᠯᠠᠵᠤ ᠪᠠᠶᠢᠭᠠᠳ ᠮᠡᠬᠡᠯᠡᠬᠦ ᠠᠵᠢᠯᠯᠠᠭ᠎ᠠ ᠬᠢᠬᠦ ᠶᠢ ᠰᠡᠷᠡᠮᠵᠢᠯᠡᠬᠦ ᠬᠡᠷᠡᠭᠲᠡᠢ︔ ︽ᠨᠠᠰᠤᠵᠢᠯ ᠤᠨ ᠠᠰᠠᠷᠠᠮᠵᠢ ᠶᠢᠨ ᠳᠠᠭᠠᠳᠬᠠᠯ︾ ᠢ ᠣᠷᠣᠯᠠᠨ ᠭᠦᠢᠴᠡᠳᠬᠡᠬᠦ ᠨᠡᠷ᠎ᠡ ᠪᠠᠷ ᠮᠠᠲ᠋ᠧᠷᠢᠶᠠᠯ ᠤᠨ ᠰᠦᠢᠳᠬᠡᠯ᠂ ᠲᠠᠯᠠᠷᠬᠠᠯ ᠤᠨ ᠰᠦᠢᠳᠬᠡᠯ ᠬᠤᠷᠢᠶᠠᠬᠤ ᠮᠡᠬᠡᠯᠡᠯ ᠤᠨ ᠠᠵᠢᠯᠯᠠᠭ᠎ᠠ ᠶᠢ ᠰᠡᠷᠡᠮᠵᠢᠯᠡᠬᠦ ᠬᠡᠷᠡᠭᠲᠡᠢ︔ ︽ᠨᠠᠰᠤᠵᠢᠯ ᠤᠨ ᠠᠰᠠᠷᠠᠮᠵᠢ ᠶᠢᠨ ᠡᠷᠡᠭᠦᠯᠵᠢᠯ︾ ᠤᠨ ᠨᠡᠷ᠎ᠡ ᠪᠠᠷ ᠬᠤᠳᠠᠯ ᠬᠠᠭᠤᠷᠮᠠᠭ ᠤᠬᠠᠭᠤᠯᠭ᠎ᠠ ᠬᠢᠵᠦ᠂ ᠰᠢᠮ᠎ᠡ ᠳᠡᠵᠢᠭᠡᠯ ᠤᠨ ᠳᠠᠸᠠᠷ ᠤᠨ ᠦᠢᠯᠡᠳᠦᠯ ᠢ ᠶᠡᠬᠡᠰᠬᠡᠵᠦ᠂ ᠨᠠᠰᠤᠲᠠᠶᠢᠴᠤᠳ ᠲᠤ ᠬᠠᠭᠤᠷᠮᠠᠭ ᠮᠠᠭᠤ ᠲᠠᠸᠠᠷ ᠢ ᠥᠨᠳᠥᠷ ᠦᠨ᠎ᠡ ᠪᠠᠷ ᠪᠣᠷᠣᠯᠠᠭᠤᠯᠬᠤ ᠮᠡᠬᠡᠯᠡᠯ ᠤᠨ ᠠᠵᠢᠯᠯᠠᠭ᠎ᠠ ᠶᠢ ᠰᠡᠷᠡᠮᠵᠢᠯᠡᠬᠦ ᠬᠡᠷᠡᠭᠲᠡᠢ ︔ ︽ᠨᠠᠰᠤᠵᠢᠯ ᠤᠨ ᠠᠰᠠᠷᠠᠮᠵᠢ ᠶᠢᠨ ᠬᠠᠪᠰᠤᠷᠤᠨ ᠲᠡᠳᠬᠦᠬᠦ︾ ᠨᠡᠷ᠎ᠡ ᠪᠠᠷ᠂ ᠸᠢᠴᠠᠲ ᠢ ᠠᠰᠢᠭᠯᠠᠨ ᠴᠣᠭᠯᠠᠷᠠᠯ ᠪᠠᠶᠢᠭᠤᠯᠵᠤ᠂ ᠳᠠᠮᠵᠢᠭᠤᠯᠤᠨ ᠪᠣᠷᠣᠯᠠᠭᠤᠯᠬᠤ ᠠᠷᠭ᠎ᠠ ᠪᠠᠷᠢᠯ ᠢᠶᠠᠷ ᠨᠠᠰᠤᠲᠠᠶᠢᠴᠤᠳ ᠠᠴᠠ ᠭᠡᠰᠢᠭᠦᠨ ᠤ ᠰᠦᠢᠳᠬᠡᠯ᠂ ᠮᠠᠲ᠋ᠧᠷᠢᠶᠠᠯ ᠤᠨ ᠰᠦᠢᠳᠬᠡᠯ᠂ ᠮᠡᠳᠡᠭᠦᠯᠦᠯᠲᠡ ᠶᠢᠨ ᠬᠠᠭᠤᠳᠠᠰᠤ ᠶᠢᠨ ᠰᠦᠢᠳᠬᠡᠯ ᠬᠤᠷᠢᠶᠠᠬᠤ ᠵᠡᠷᠭᠡ ᠮᠡᠬᠡᠯᠡᠯ ᠤᠨ ᠠᠵᠢᠯᠯᠠᠭ᠎ᠠ ᠶᠢ ᠰᠡᠷᠡᠮᠵᠢᠯᠡᠬᠦ ᠬᠡᠷᠡᠭᠲᠡᠢ᠃ᠨᠠᠰᠤᠵᠢᠯ ᠤᠨ ᠠᠰᠠᠷᠠᠮᠵᠢ ᠶᠢᠨ ᠮᠡᠬᠡᠯᠡᠯ ᠤᠨ ᠰᠦᠪᠡᠭᠴᠢ ᠶᠢ ᠣᠯᠵᠤ ᠮᠡᠳᠡᠪᠡᠯ᠂ ᠣᠯᠠᠨ ᠢᠶᠠᠷ ᠢᠶᠠᠨ ᠢᠯᠡᠴᠢᠯᠡᠨ ᠮᠡᠳᠡᠭᠦᠯᠬᠦ ᠤᠲᠠᠰᠤ ᠪᠣᠶᠣ ᠵᠠᠬᠢᠳᠠᠯ ᠢᠶᠠᠷ ᠢᠯᠡᠴᠢᠯᠡᠨ ᠮᠡᠳᠡᠭᠦᠯᠬᠦ ᠪᠤᠶᠤ ᠰᠢᠭᠤᠳ 12337 ᠢᠯᠡᠴᠢᠯᠡᠨ ᠮᠡᠳᠡᠭᠦᠯᠬᠦ ᠲᠠᠪᠴᠠᠩ ᠳᠤ ᠢᠯᠡᠴᠢᠯᠡᠨ ᠮᠡᠳᠡᠭᠦᠯᠵᠦ ᠪᠣᠯᠣᠨ᠎ᠠ᠃ᠢᠯᠡᠴᠢᠯᠡᠨ ᠮᠡᠳᠡᠭᠦᠯᠬᠦ ᠤᠲᠠᠰᠤ᠄ ᠡᠷᠢᠶᠡᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ  0479 ︱ 7527110 ︵ᠭᠥᠯᠢᠶᠡᠨ ᠠᠪᠴᠤ ᠰᠢᠢᠳᠪᠦᠷᠢᠯᠡᠬᠦ ᠴᠠᠭ᠄ ᠠᠵᠢᠯ ᠤᠨ ᠡᠳᠦᠷ 8᠄ 30 ︱ 12᠄ 00 ︱ 15᠄ 00 ︱ 18᠄ 00︶ ᠵᠠᠬᠢᠳᠠᠯ ᠢᠶᠠᠷ ᠢᠯᠡᠴᠢᠯᠡᠨ ᠮᠡᠳᠡᠬᠦᠯᠬᠦ ᠰᠢᠤᠳᠠᠨ ᠬᠠᠶ᠋ᠢᠭ᠄ᠡᠷᠢᠶᠡᠨ ᠬᠤᠲᠠ ᠶᠢᠨ ᠨᠠᠰᠤᠵᠢᠯ ᠤᠨ ᠮᠡᠬᠡᠯᠡᠯ ᠢ ᠰᠡᠷᠬᠡᠶᠢᠯᠡᠨ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠠᠯᠪᠠᠨ ᠭᠡᠷ ︵ᠬᠤᠲᠠ ᠶᠢᠨ ᠨᠠᠮ ᠵᠠᠰᠠᠭ ᠤᠨ ᠲᠣᠮᠣ ᠠᠰᠠᠷ ᠤᠨ 418 ᠨᠣᠮᠧᠷᠳᠦ ᠠᠯᠪᠠᠨ ᠬᠡᠷ︶ᠡᠷᠢᠶᠡᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠦ ᠶᠢᠨ ᠴᠠᠭᠳᠠᠭ᠎ᠠ ᠶᠢᠨ ᠶᠡᠭᠡ ᠠᠩᠭᠢ ︵ᠰᠢᠤᠳᠠᠨ ᠳ᠋ᠤᠭᠠᠷ᠄ 011100︶ᠢᠯᠡᠴᠢᠯᠡᠨ ᠮᠡᠳᠡᠭᠦᠯᠬᠦ ᠲᠠᠪᠴᠠᠩ᠄ ᠪᠥᠬᠦ ᠤᠯᠤᠰ ᠤᠨ ᠲᠤᠰᠬᠠᠢ ᠠᠵᠢᠯᠯᠠᠭ᠎ᠠ ᠶᠢᠨ ᠠᠯᠪᠠᠨ ᠭᠡᠷ ᠤᠨ ᠣᠶᠤᠨᠴᠢ ᠢᠯᠡᠴᠢᠯᠡᠨ ᠮᠡᠳᠡᠭᠦᠯᠬᠦ ᠲᠠᠪᠴᠠᠩ᠂ 12337 ᠣᠶᠤᠨᠴᠢ ᠢᠯᠡᠴᠢᠯᠡᠨ ᠮᠡᠳᠡᠭᠦᠯᠬᠦ ᠲᠠᠪᠴᠠᠩ ᠳᠡᠭᠡᠷ᠎ᠡ ᠠᠰᠠᠭᠤᠳᠠᠯ  ᠢᠶᠠᠨ ᠳᠣᠰᠬᠠᠵᠦ ᠪᠣᠯᠣᠨ᠎ᠠ ᠡᠷᠢᠶᠡᠨ ᠬᠤᠲᠠ ᠶᠢᠨ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠠᠯᠪᠠᠨ ᠭᠡᠷ                                                                                                                     2022 ᠣᠨ ᠤ 5 ᠰᠠᠷ᠎ᠠ ᠶᠢᠨ 17 ᠤ ᠡᠳᠦᠷ
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号