ᠣᠯᠠᠨ ᠰᠠᠯᠠᠭ᠎ᠠ ᠮᠥᠴᠢᠷ ᠬᠠᠮᠲᠤᠷᠠᠨ 2022 ᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠣᠳᠠᠲᠤ ᠰᠣᠷᠢᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/5/24
     ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ ᠤᠨ ᠪᠠᠶᠢᠷᠢᠯᠠᠭᠤᠯᠤᠯᠲᠠ ᠶᠣᠰᠣᠭᠠᠷ᠂ ᠣᠶᠢᠷ᠎ᠠ ᠳᠤ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠵᠡᠷᠭᠡ ᠣᠯᠠᠨ ᠰᠠᠯᠠᠭ᠎ᠠ ᠮᠥᠴᠢᠷ ᠬᠠᠮᠲᠤᠷᠠᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠣᠳᠠᠲᠤ ᠰᠣᠷᠢᠯᠲᠠ ᠶᠢ ᠥᠷᠨᠢᠭᠦᠯᠪᠡ᠃
     ᠲᠣᠰ ᠤᠳᠠᠭᠠᠨ ᠤ ᠰᠣᠷᠢᠯᠲᠠ ᠶᠢᠨ ᠠᠬᠤᠢ ᠪᠠᠶᠢᠳᠠᠯ ᠳᠤ᠄ ᠬᠤᠲᠠ ᠶᠢᠨ ᠤᠷᠠᠨ ᠰᠠᠶᠢᠬᠠᠨ ᠤ ᠲᠣᠭᠯᠠᠯᠲᠠ ᠶᠢᠨ ᠲᠥᠪ ᠤᠨ ᠪᠠᠷᠠᠭᠤᠨ ᠲᠠᠯ᠎ᠠ ᠳᠤ ᠲᠠᠯ᠎ᠠ ᠨᠤᠲᠤᠭ ᠤᠨ ᠭᠠᠯ ᠤᠨ ᠠᠶᠤᠯ ᠭᠠᠷᠣᠭᠰᠠᠨ ᠴᠠᠭᠳᠠᠭᠠᠨ ᠤ ᠮᠡᠳᠡᠭᠡ ᠶᠢ ᠣᠯᠣᠭᠰᠠᠨ ᠤ ᠳᠠᠷᠠᠭ᠎ᠠ᠂ ᠠᠶᠤᠯ ᠠᠴᠠ ᠠᠪᠤᠷᠠᠨ ᠲᠤᠰᠠᠯᠠᠬᠤ ᠠᠩᠭᠢ ᠶᠢᠨ ᠭᠡᠰᠢᠭᠦᠳ ᠦᠳᠲᠡᠷ ᠲᠦᠷᠭᠡᠨ ᠴᠤᠭᠯᠠᠷᠠᠵᠤ᠂ ᠪᠥᠬᠦ ᠠᠵᠢᠯᠳᠠᠨ ᠭᠠᠯ ᠰᠡᠷᠭᠡᠶᠢᠯᠡᠬᠦ ᠪᠠᠭᠠᠵᠢ ᠲᠣᠨᠣᠭᠯᠠᠯ ᠢᠶᠠᠨ ᠠᠪᠴᠤ ᠭᠠᠯ ᠭᠠᠷᠤᠭᠰᠠᠨ ᠭᠠᠵᠠᠷ ᠲᠤ ᠬᠦᠷᠴᠦ᠂ ᠰᠠᠯᠬᠢᠨ ᠬᠦᠴᠦᠨ ᠢᠶᠠᠷ ᠭᠠᠯ ᠤᠨᠲᠠᠷᠠᠭᠠᠬᠤ ᠮᠠᠰᠢᠨ᠂ ᠲᠡᠮᠦᠷ ᠬᠦᠷᠵᠡ ᠵᠡᠷᠭᠡ ᠪᠠᠭᠠᠵᠢ ᠬᠡᠷᠡᠭᠰᠡᠯ ᠢᠶᠠᠷ ᠭᠠᠯ ᠤᠨᠲᠠᠷᠠᠭᠠᠬᠤ ᠠᠵᠢᠯᠯᠠᠭ᠎ᠠ ᠥᠷᠨᠢᠭᠦᠯᠪᠡ᠃ ᠴᠢᠷᠮᠠᠶᠢᠨ ᠪᠠᠶᠢᠯᠳᠤᠬᠤ ᠪᠠᠷ ᠲᠠᠮᠵᠢᠨ᠂ ᠪᠦᠭᠦᠳᠡᠭᠡᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠭᠠᠯ ᠤᠨ ᠠᠶᠤᠯ ᠢ ᠲᠤᠶᠢᠯᠪᠤᠷᠢᠲᠠᠢ ᠤᠨᠲᠠᠷᠠᠭᠠᠵᠤ᠂ ᠲᠤᠰ ᠤᠳᠠᠭ᠎ᠠ ᠶᠢᠨ ᠪᠣᠳᠠᠲᠤ ᠪᠠᠶᠢᠯᠳᠤᠭᠠᠨ ᠤ ᠰᠣᠷᠢᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃       ᠪᠦᠬᠦᠶᠢᠯᠡ ᠰᠣᠷᠢᠯᠲᠠ ᠶᠢᠨ ᠶᠠᠪᠤᠴᠠ ᠨᠢ ᠡᠮᠬᠢ ᠴᠡᠭᠴᠡ ᠲᠠᠢ ᠪᠠᠶᠢᠵᠤ᠂ ᠡᠯ᠎ᠡ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ ᠨᠢ ᠲᠣᠳᠣᠷᠬᠠᠢ᠂ ᠪᠠᠴᠢᠮ ᠪᠠᠶᠢᠳᠠᠯ   ᠢ ᠠᠷᠭᠠᠴᠠᠬᠤ ᠪᠡᠯᠡᠳᠬᠡᠯ ᠲᠥᠰᠥᠯ   ᠢ ᠬᠦᠴᠦᠲᠡᠢ ᠬᠡᠷᠡᠭᠵᠢᠭᠦᠯᠵᠦ᠂ ᠵᠢᠱᠢᠭᠰᠡᠨ ᠦᠷ᠎ᠡ ᠳ᠋ᠦᠩ ᠳᠡᠭᠡᠨ ᠬᠦᠷᠦᠭᠰᠡᠨ ᠪᠠᠶᠢᠨ᠎ᠠ᠃
      ᠲᠣᠰ ᠤᠳᠠᠭᠠᠨ ᠤ ᠰᠣᠷᠢᠯᠲᠠ ᠳᠤ ᠮᠠᠨ ᠤ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠ ᠪᠣᠳᠠᠲᠠᠢ ᠪᠠᠶᠢᠯᠳᠤᠬᠤ ᠴᠢᠳᠠᠪᠤᠷᠢ ᠶᠢ ᠪᠦᠲᠦᠮᠵᠢᠲᠡᠶ ᠪᠠᠷ ᠴᠢᠩᠭᠠᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠰᠢᠯᠭᠠᠨ ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠳᠠᠪᠲᠠᠨ ᠪᠣᠯᠪᠠᠰᠤᠷᠠᠭᠤᠯᠬᠤ᠂ ᠰᠢᠢᠳᠪᠦᠷᠢᠯᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠵᠣᠷᠢᠯᠭ᠎ᠠ ᠳᠤ ᠬᠦᠷᠴᠦ᠂ ᠪᠣᠭᠤᠮᠲᠠ ᠶᠢᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠪᠠᠲᠤ ᠪᠠᠬᠢ ᠪᠠᠲᠤᠯᠠᠭ᠎ᠠ ᠬᠠᠩᠭᠠᠭᠰᠠᠨ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号