ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠠᠵᠢᠯ ᠤᠨ ᠪᠠᠶᠢᠷᠢ ᠶᠢᠨ ᠡᠷᠬᠡ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠬᠢᠨᠠᠯᠲᠠ ᠲᠠᠯᠪᠢᠬᠤ ᠠᠵᠢᠯ ᠵᠢᠴᠢ ︽ᠬᠤᠶᠠᠷ ᠲᠠᠯ᠎ᠠ ᠶᠢᠨ ᠠᠰᠠᠭᠤᠳᠠᠯ ᠢ ᠴᠡᠭᠴᠡᠯᠡᠨ ᠵᠠᠰᠠᠵᠤ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠤᠯᠤᠰ ᠲᠥᠷᠥ ᠶᠢᠨ ᠠᠮᠢ ᠠᠬᠤᠢ ᠶᠢ ᠴᠡᠪᠡᠷᠰᠢᠭᠦᠯᠬᠦ︾ ᠲᠤᠰᠬᠠᠢ ᠠᠵᠢᠯᠯᠠᠭ᠎ᠠ ᠶᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/5/24
【 ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠴᠢᠩᠳᠠᠯᠠᠬᠤ】 ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠠᠵᠢᠯ ᠤᠨ ᠪᠠᠶᠢᠷᠢ ᠶᠢᠨ ᠡᠷᠬᠡ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠬᠢᠨᠠᠯᠲᠠ ᠲᠠᠯᠪᠢᠬᠤ ᠠᠵᠢᠯ ᠵᠢᠴᠢ ︽ᠬᠤᠶᠠᠷ ᠲᠠᠯ᠎ᠠ ᠶᠢᠨ ᠠᠰᠠᠭᠤᠳᠠᠯ ᠢ ᠴᠡᠭᠴᠡᠯᠡᠨ ᠵᠠᠰᠠᠵᠤ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠤᠯᠤᠰ ᠲᠥᠷᠥ ᠶᠢᠨ ᠠᠮᠢ ᠠᠬᠤᠢ ᠶᠢ ᠴᠡᠪᠡᠷᠰᠢᠭᠦᠯᠬᠦ︾ ᠲᠤᠰᠬᠠᠢ ᠠᠵᠢᠯᠯᠠᠭ᠎ᠠ ᠶᠢ ᠪᠠᠶᠢᠷᠢᠯᠠᠭᠤᠯᠪᠠ       5 ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠠᠵᠢᠯ ᠤᠨ ᠪᠠᠶᠢᠷᠢ ᠶᠢᠨ ᠡᠷᠬᠡ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠬᠢᠨᠠᠯᠲᠠ ᠲᠠᠯᠪᠢᠬᠤ ᠠᠵᠢᠯ ᠵᠢᠴᠢ ︽ᠬᠤᠶᠠᠷ ᠲᠠᠯ᠎ᠠ ᠶᠢᠨ ᠠᠰᠠᠭᠤᠳᠠᠯ ᠢ ᠴᠡᠭᠴᠡᠯᠡᠨ ᠵᠠᠰᠠᠬᠤ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠤᠯᠤᠰ ᠲᠥᠷᠥ ᠶᠢᠨ ᠠᠮᠢ ᠠᠬᠤᠢ ᠶᠢ ᠴᠡᠪᠡᠷᠰᠢᠭᠦᠯᠬᠦ︾ ᠲᠤᠰᠬᠠᠢ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠲᠠ   ᠶᠢᠨ ᠨᠠᠮ ᠤᠨ ᠬᠤᠷᠢᠶᠠᠨ ᠤ ᠪᠠᠶᠢᠩᠭᠤ   ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠵᠠᠩ ᠯᠢ ᠴᠧᠩ ᠬᠤᠷᠠᠯ ᠳᠤ ᠣᠷᠣᠯᠴᠠᠪᠠ᠃
     ᠬᠤᠷᠠᠯ ᠳᠡᠭᠡᠷ᠎ᠡ ᠠᠶᠢᠮᠠᠭ ᠤᠨ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠶᠢᠨ ᠠᠶᠢᠮᠠᠭ ᠬᠤᠲᠠ ᠶᠢᠨ ᠬᠤᠶᠠᠷ ᠱᠠᠲᠤᠨ ᠤ ᠠᠵᠢᠯ ᠤᠨ ᠪᠠᠶᠢᠷᠢ ᠶᠢᠨ ᠡᠷᠬᠡ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠬᠢᠨᠠᠯᠲᠠ ᠲᠠᠯᠪᠢᠬᠤ ᠠᠵᠢᠯ ᠤᠨ ᠳᠠᠶᠢᠴᠢᠯᠠᠯᠲᠠ ᠶᠢᠨ ᠬᠤᠷᠠᠯ᠂ ︽ᠬᠤᠶᠠᠷ ᠲᠠᠯ᠎ᠠ ᠶᠢᠨ ᠠᠰᠠᠭᠤᠳᠠᠯ ᠢ ᠴᠡᠭᠴᠡᠯᠡᠨ ᠵᠠᠰᠠᠬᠤ᠂ ᠠᠵᠢᠯ ᠤᠨ ᠴᠢᠨᠠᠷ ᠴᠢᠨᠰᠠᠭ᠎ᠠ ᠪᠠ ᠦᠷ᠎ᠡ ᠠᠰᠢᠭ ᠢ ᠳᠡᠭᠡᠭᠰᠢᠯᠡᠭᠦᠯᠬᠦ᠂ ᠤᠯᠤᠰ ᠲᠥᠷᠥ ᠶᠢᠨ ᠠᠮᠢ ᠠᠬᠤᠢ ᠶᠢ ᠴᠡᠪᠡᠷᠰᠢᠭᠦᠯᠬᠦ︾ ᠲᠤᠰᠬᠠᠢ ᠠᠵᠢᠯᠯᠠᠭ᠎ᠠ ᠶᠢᠨ ᠳᠠᠶᠢᠴᠢᠯᠠᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠪᠥᠬᠦ ᠬᠤᠲᠠ ᠶᠢᠨ ︽ᠠᠵᠢᠯ ᠤᠨ ᠪᠠᠶᠢᠷᠢ ᠶᠢᠨ ᠡᠷᠬᠡ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠬᠢᠨᠠᠯᠲᠠ ᠲᠠᠯᠪᠢᠬᠤ ᠠᠵᠢᠯ ᠤᠨ ᠲᠥᠰᠥᠯ︾ ︽ ︿ᠤᠯᠤᠰ ᠲᠥᠷᠥ ᠶᠢᠨ ᠬᠤᠶᠠᠷ ᠲᠠᠯ᠎ᠠ ᠶᠢᠨ ᠠᠰᠠᠭᠤᠳᠠᠯ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠤᠯᠤᠰ ᠲᠥᠷᠥ ᠶᠢᠨ ᠠᠮᠢ ᠠᠬᠤᠢ ᠶᠢ ᠴᠡᠪᠡᠷᠰᠢᠭᠦᠯᠬᠦ﹀ ᠲᠤᠰᠬᠠᠢ ᠠᠵᠢᠯᠯᠠᠭᠠᠨ ᠤ ᠲᠥᠰᠥᠯ︾ ᠳᠤ ᠲᠠᠶᠢᠯᠤᠮᠵᠢ ᠬᠢᠵᠦ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠠᠵᠢᠯ ᠤᠨ ᠪᠠᠶᠢᠷᠢ ᠶᠢᠨ ᠡᠷᠬᠡ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠬᠢᠨᠠᠯᠲᠠ ᠲᠠᠯᠪᠢᠬᠤ ᠶᠢ ᠥᠷᠨᠢᠭᠦᠯᠬᠦ ᠪᠣᠯ ︽ᠵᠣᠷᠢᠭ ᠦᠭᠡᠢ︾᠂ ︽ᠴᠢᠳᠠᠬᠤ ᠦᠭᠡᠢ︾᠂ ︽ᠪᠤᠳᠤᠬᠤ ᠦᠭᠡᠢ︾ ᠪᠠᠶᠢᠬᠤ ᠶᠢ ᠪᠡᠶᠡᠯᠡᠭᠦᠯᠬᠦ ᠶᠢᠨ ᠴᠢᠬᠤᠯᠠ ᠭᠠᠷᠳᠠᠴᠠ ᠪᠣᠯᠬᠤ ᠪᠠᠷ ᠪᠠᠷᠠᠬᠤ ᠦᠭᠡᠢ ᠪᠠᠰᠠ ᠺᠠᠳ᠋ᠷᠴᠤᠳ ᠢ ᠬᠠᠮᠠᠭᠠᠯᠠᠬᠤ ᠪᠠ ᠬᠠᠯᠠᠮᠵᠢᠯᠠᠬᠤ ᠪᠦᠲᠦᠮᠵᠢᠲᠡᠢ ᠠᠷᠭ᠎ᠠ ᠪᠠᠷᠢᠯ ᠪᠣᠯᠣᠨ᠎ᠠ᠃ ᠬᠤᠳᠠ ᠶᠢᠨ ᠨᠠᠮ ᠤᠨ ᠬᠤᠷᠢᠶᠠᠨ ᠤ ᠠᠯᠪᠠᠨ ᠭᠡᠷ ᠨᠢ ᠬᠤᠳᠠ ᠶᠢᠨ ᠨᠠᠮ ᠤᠨ ᠬᠤᠷᠢᠶᠠᠨ ᠤ ᠭᠤᠣᠯᠯᠠᠭᠴᠢ ᠪᠠᠶᠢᠭᠤᠯᠤᠯᠭ᠎ᠠ ᠪᠣᠯᠤᠭᠰᠠᠨ ᠤ ᠬᠤᠪᠢ ᠳᠤ᠂ ᠡᠷᠬᠡᠪᠰᠢ ᠠᠯᠬᠤᠮ ᠢᠶᠠᠨ ᠨᠢᠭᠡᠳᠦᠯᠲᠡᠢ ᠪᠠᠶᠢᠯᠭᠠᠵᠤ᠂ ᠠᠵᠢᠯ ᠤᠨ ᠪᠠᠶᠢᠷᠢ ᠶᠢᠨ ᠡᠷᠬᠡ ᠶᠢᠨ ᠨᠠᠷᠢᠨ ᠲᠠᠩᠰᠠ ᠶᠢ ᠣᠨᠣᠪᠴᠢᠲᠠᠢ ᠨᠠᠶᠢᠷᠠᠭᠤᠯᠤᠨ ᠵᠣᠬᠢᠶᠠᠵᠤ᠂ ᠠᠵᠢᠯ ᠤᠨ ᠪᠠᠶᠢᠷᠢ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠭᠦᠨᠵᠡᠭᠡᠢ ᠵᠢᠭᠰᠠᠭᠠᠨ ᠪᠠᠶᠢᠴᠠᠭᠠᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠠᠵᠢᠯ ᠤᠨ ᠪᠠᠶᠢᠷᠢ ᠶᠢᠨ ᠡᠷᠬᠡ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠬᠢᠨᠠᠯᠲᠠ ᠲᠠᠯᠪᠢᠬᠤ ᠠᠵᠢᠯ ᠢ ᠥᠨᠳᠥᠷ ᠪᠠᠷᠢᠮᠵᠢᠶ᠎ᠠ ᠪᠠᠷ ᠰᠠᠶᠢᠲᠤᠷ ᠬᠢᠬᠦ ᠬᠡᠷᠡᠭᠲᠡᠢ᠃    ᠬᠤᠷᠠᠯ ᠠᠴᠠ᠂ ᠬᠤᠳᠠ ᠶᠢᠨ ᠨᠠᠮ ᠤᠨ ᠬᠤᠷᠢᠶᠠᠨ ᠤ ᠠᠯᠪᠠᠨ ᠭᠡᠷ ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠭᠦᠨᠵᠡᠭᠡᠢ ᠪᠠᠶᠢᠴᠠᠭᠠᠬᠤ᠂ ᠤᠨᠢᠨ ᠳᠡᠭᠡᠷ᠎ᠡ ᠨᠢ ᠦᠨᠡᠯᠡᠬᠦ᠂ ᠯᠠᠪᠳᠠᠭᠤᠨ ᠪᠠᠲᠤᠲᠠᠢ ᠥᠭᠡᠷᠡᠴᠢᠯᠡᠬᠦ ᠵᠡᠷᠭᠡ ᠭᠤᠣᠯᠳᠠᠯᠭ᠎ᠠ ᠲᠠᠢ ᠭᠤᠭᠴᠤᠭ᠎ᠠ ᠳᠤ ᠨᠢᠭᠡ ᠠᠯᠬᠤᠮ ᠤᠷᠤᠭᠰᠢᠯᠠᠵᠤ᠂ ᠨᠢᠭᠡ ᠠᠯᠬᠤᠮ ᠭᠦᠨᠵᠡᠭᠡᠶᠢᠷᠡᠵᠦ᠂ ᠪᠦᠬᠦ ᠬᠤᠳᠠ ᠶᠢᠨ ᠡᠯ᠎ᠡ ᠰᠠᠯᠠᠭ᠎ᠠ ᠮᠥᠴᠢᠷ ᠨᠢᠭᠡᠴᠡ ᠳᠤ ᠵᠢᠱᠢᠶ᠎ᠡ ᠦᠵᠡᠭᠦᠯᠵᠦ᠂ ᠦᠯᠢᠬᠡᠷ ᠳᠠᠭᠤᠷᠢᠶᠠᠯ ᠦᠵᠡᠭᠦᠯᠬᠦ ᠬᠡᠷᠡᠭᠲᠡᠢ᠃ ᠴᠠᠭ ᠤᠨ ᠳᠠᠷᠠᠭᠠᠯᠠᠯ ᠤᠨ ᠠᠬᠢᠴᠠ ᠶᠢ ᠰᠠᠶᠢᠲᠤᠷ ᠡᠵᠡᠮᠳᠡᠵᠦ᠂ ᠴᠠᠭ  ᠨᠢ ᠶᠠᠰᠤ ᠴᠢᠨᠠᠷ ᠢ ᠳᠠᠭᠠᠬᠤ᠂ ᠠᠬᠢᠴᠠ ᠨᠢ ᠦᠷ᠎ᠡ ᠪᠦᠲᠦᠮᠵᠢ ᠶᠢ ᠳᠠᠭᠠᠬᠤ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠢ ᠭᠦᠨᠵᠡᠭᠡᠢ ᠪᠥᠭᠡᠳ ᠪᠣᠳᠠᠲᠠᠢ ᠪᠠᠷ ᠬᠢᠵᠦ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠂ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠲᠠᠯ᠎ᠠ ᠪᠠᠷ ᠦᠨᠡᠨᠬᠦ ᠰᠢᠨ᠎ᠡ ᠰᠢᠪᠲᠤᠯᠤᠯᠲᠠ ᠲᠠᠢ ᠪᠣᠯᠬᠤ ᠬᠡᠷᠡᠭᠲᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号