| ᠪᠥᠬᠦ ᠬᠤᠲᠠ ᠶᠢᠨ ᠠᠬᠠᠮᠠᠳ ᠨᠠᠰᠣᠳᠠᠶᠢᠴᠣᠳ ᠡ᠄ | | ᠣᠷᠴᠢᠮ ᠠᠴᠠ ᠮᠡᠬᠡᠯᠡᠯ ᠤᠨ ᠬᠡᠷᠡᠭ ᠵᠠᠯᠭ᠎ᠠ ᠵᠠᠯᠭ᠎ᠠ ᠪᠠᠷ ᠭᠠᠷᠴᠤ ᠪᠠᠶᠢᠨ᠎ᠠ᠃ ᠶᠠᠯᠠᠲᠤ ᠡᠲᠡᠭᠡᠳ᠂ | ᠨᠠᠰᠤᠲᠠᠶᠢᠴᠤᠳ ᠤᠨ ᠮᠡᠬᠡᠯᠡᠯ ᠢ ᠰᠡᠷᠭᠡᠶᠢᠯᠡᠬᠦ ᠤᠬᠠᠮᠰᠠᠷ ᠰᠣᠯᠠ ᠳᠠᠯ᠎ᠠ ᠶᠢ ᠠᠰᠢᠭᠯᠠᠨ᠂ ︽ᠨᠠᠰᠤᠵᠢᠯ ᠤᠨ | ᠠᠰᠠᠷᠠᠮᠵᠢ ᠶᠢᠨ ᠨᠡᠷ᠎ᠡ︾ ᠪᠠᠷ ᠮᠡᠬᠡᠯᠡᠯ ᠤᠨ ᠠᠵᠢᠯᠯᠠᠭ᠎ᠠ ᠬᠢᠵᠦ᠂ ᠨᠠᠰᠤᠲᠠᠶᠢᠴᠤᠳ ᠲᠤ ᠠᠵᠤ ᠠᠬᠤᠢ ᠶᠢᠨ ᠬᠤᠬᠢᠷᠠᠯ | ᠪᠠ ᠣᠶᠤᠨ ᠰᠠᠨᠠᠭᠠᠨ ᠤ ᠭᠤᠳᠣᠷᠠᠯ ᠳᠤ ᠣᠷᠣᠭᠤᠯᠵᠦ᠂ ᠳᠡᠳᠡᠨ ᠤ ᠪᠡᠶ᠎ᠡ ᠰᠡᠳᠬᠢᠯ ᠤᠨ ᠡᠷᠡᠭᠦᠯ ᠮᠡᠨᠳᠦ᠂ ᠭᠡᠷ | ᠪᠦᠯᠢ ᠶᠢᠨ ᠡᠪ ᠨᠠᠶᠢᠷ ᠢ ᠬᠦᠨᠳᠦ ᠨᠣᠴᠢᠲᠠᠢ ᠨᠥᠯᠥᠭᠡᠯᠡᠵᠦ ᠪᠠᠶᠢᠨ᠎ᠠ᠃ | ᠨᠠᠰᠣᠳᠠᠶᠢᠴᠣᠳ ᠠᠮᠤᠷ ᠳᠠᠶᠢᠪᠣᠩ ᠪᠣᠰᠦ ᠪᠣᠯ ᠭᠡᠷ ᠪᠦᠯᠢ ᠠᠮᠤᠷ ᠳᠠᠶᠢᠪᠣᠩ ᠪᠣᠰᠦ᠂ ᠭᠡᠷ ᠪᠦᠯᠢ ᠠᠮᠤᠷ | ᠳᠠᠶᠢᠪᠣᠩ ᠪᠣᠰᠦ ᠪᠣᠯ ᠨᠡᠶᠢᠭᠡᠮ ᠠᠮᠤᠷ ᠳᠠᠶᠢᠪᠣᠩ ᠪᠣᠰᠦ ᠪᠣᠯᠣᠨ᠎ᠠ᠃ ᠨᠠᠮ ᠤᠨ ᠲᠥᠪ ᠬᠤᠷᠢᠶ᠎ᠠ ᠠᠴᠠ ᠨᠠᠰᠤᠵᠢᠯ ᠤᠨ | ᠮᠡᠬᠡᠯᠡᠯ ᠤᠨ ᠶᠠᠯᠠᠳᠦ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠪᠦᠬᠦ ᠤᠯᠤᠰ ᠲᠤ ᠬᠠᠭᠠᠰ ᠵᠢᠯ ᠤᠨ ᠬᠤᠭᠤᠴᠠᠭ᠎ᠠ ᠲᠠᠢ ᠨᠠᠰᠤᠵᠢᠯ ᠤᠨ ᠮᠡᠬᠡᠯᠡᠯ ᠤᠨ ᠶᠠᠯᠠᠳᠦ | ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠬᠦ ᠪᠠᠷ ᠲᠣᠭᠲᠠᠵᠤ᠂ ᠵᠢᠳᠠᠨ ᠦᠵᠦᠬᠦᠷ ᠢᠶᠠᠨ ᠨᠠᠰᠤᠲᠠᠶᠢᠴᠤᠳ ᠤᠨ ᠠᠰᠢᠭ ᠢ ᠬᠤᠬᠢᠷᠠᠭᠤᠯᠬᠤ ᠮᠡᠬᠡᠯᠡᠯ ᠤᠨ | ᠶᠠᠯᠠᠲᠤ ᠠᠵᠢᠯᠯᠠᠭ᠎ᠠ ᠳᠤ ᠴᠢᠭᠯᠡᠬᠦᠯᠵᠦ᠂ ᠪᠦᠬᠦ ᠨᠡᠶᠢᠭᠡᠮ ᠳᠠᠶᠠᠭᠠᠷ ᠰᠢᠳᠤᠷᠭᠤ ᠶᠣᠰᠣ ᠶᠢ ᠳᠡᠳᠬᠦᠨ᠂ ᠲᠥᠪ | ᠰᠤᠷᠲᠠᠯ ᠢ ᠪᠠᠳᠠᠷᠠᠭᠤᠯᠬᠤ ᠠᠭᠤᠷ ᠠᠮᠢᠰᠬᠤᠯ ᠢ ᠪᠣᠢ ᠪᠣᠯᠭᠠᠨ᠂ ᠤᠯᠠᠨ ᠲᠦᠮᠡᠨ ᠤ ᠬᠠᠮᠤᠭ ᠠᠴᠠ ᠰᠠᠨᠠᠭᠠᠰᠢᠷᠡᠵᠦ | ᠪᠤᠬᠢᠨᠢᠳᠤᠵᠤ ᠵᠠᠨᠣᠵᠦ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠷᠠᠳ ᠤᠯᠠᠨ ᠤ ︽ᠨᠠᠰᠤᠵᠢᠯ ᠤᠨ | ᠠᠰᠠᠷᠠᠮᠵᠢ ᠶᠢᠨ ᠵᠣᠭᠤᠰ︾ ᠢ ᠰᠠᠶᠢᠲᠤᠷ ᠰᠠᠬᠢᠨ ᠬᠠᠮᠠᠭᠠᠯᠠᠵᠤ᠂ ᠨᠠᠰᠤᠲᠠᠶᠢᠴᠤᠳ ᠤᠨ ᠥᠲᠡᠯᠦᠭᠡ ᠨᠠᠰᠤ ᠪᠠᠨ ᠵᠣᠯ | ᠵᠢᠷᠭᠠᠯ ᠲᠠᠢ ᠪᠠᠷ ᠦᠩᠬᠡᠷᠡᠬᠦᠯᠬᠦ ᠶᠢ ᠪᠠᠳᠣᠯᠠᠬᠤ ᠬᠡᠷᠡᠭᠳᠠᠢ ᠭᠡᠪᠡ᠃ | ᠡᠳᠦᠭᠡ ᠪᠥᠬᠦ ᠬᠤᠲᠠ ᠶᠢᠨ ᠠᠬᠠᠮᠠᠳ ᠨᠠᠰᠣᠳᠠᠶᠢᠴᠣᠳ ᠲᠤ ᠳᠣᠣᠷᠠᠬᠢ ᠮᠡᠲᠦ ᠰᠠᠨᠠᠭᠠᠴᠢᠯᠠᠭ᠎ᠠ ᠭᠠᠷᠭᠠᠶ᠎ᠠ᠄ | ᠨᠢᠭᠡ᠂ ᠠᠰᠢᠭ ᠬᠤᠨᠵᠢᠪᠤᠷᠢ ᠳᠤ ᠰᠢᠨᠤᠵᠤ ᠪᠣᠯᠬᠤ ᠦᠭᠡᠢ᠄ ᠵᠦᠢᠯ ᠵᠢᠰᠦᠮ ᠤᠨ ᠮᠡᠬᠡᠯᠡᠯ ᠳᠤ ᠬᠠᠨᠳᠤᠬᠤ ᠳᠠᠭᠠᠨ | ᠡᠷᠬᠡᠪᠰᠢ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ︽ᠪᠠᠭ᠎ᠠ ᠵᠣᠭᠤᠰ ᠢᠶᠠᠷ ᠶᠡᠭᠡ ᠵᠣᠭᠤᠰ ᠣᠯᠬᠤ︾ ︽ | ᠬᠥᠳᠡᠯᠮᠦᠷᠢᠯᠡᠬᠦ ᠦᠭᠡᠢ ᠪᠠᠷ ᠣᠯᠬᠤ︾ ᠭᠡᠰᠡᠨ ᠪᠣᠳᠣᠯ ᠢᠶᠠᠨ ᠲᠠᠶᠠᠭᠳᠠᠵᠤ᠂ ᠪᠠᠭ᠎ᠠ ᠰᠠᠭ᠎ᠠ ᠠᠰᠢᠭ ᠲᠤᠰᠠ ᠳᠤ | ᠰᠢᠨᠤᠬᠤ ᠦᠭᠡᠢ ᠪᠠᠶᠢᠵᠤ᠂ ᠥᠨᠳᠥᠷ ᠠᠰᠢᠭ ᠤᠨ ᠥᠳᠥᠭᠡᠯᠭᠡ ᠠᠴᠠ ᠵᠠᠶᠢᠳᠠᠵᠤ᠂ ᠭᠡᠨᠡᠳᠲᠡ ᠶᠢᠨ ︽ᠬᠠᠯᠠᠭᠤᠨ | ᠰᠡᠳᠬᠢᠯᠲᠦ ᠬᠥᠮᠥᠨ︾ ᠳᠤ ᠪᠣᠯᠭᠤᠮᠵᠢᠲᠠᠢ ᠬᠠᠨᠳᠤᠵᠤ᠂ ᠥᠪᠡᠷ ᠤᠨ ᠨᠠᠰᠤᠵᠢᠯ ᠤᠨ ᠠᠰᠠᠷᠠᠮᠵᠢ ᠶᠢᠨ ᠵᠣᠭᠤᠰ ᠢᠶᠠᠨ | ᠰᠠᠶᠢᠲᠤᠷ ᠰᠠᠬᠢᠵᠦ ᠬᠠᠮᠠᠭᠠᠯᠠᠬᠤ ᠬᠡᠷᠡᠭᠲᠡᠢ᠃ | ᠬᠤᠶᠠᠷ᠂ ᠰᠡᠷᠡᠮᠵᠢᠯᠡᠬᠦ ᠣᠬᠠᠮᠰᠠᠷ ᠲᠠᠢ ᠪᠠᠶᠢᠬᠤ ᠬᠡᠷᠡᠭᠲᠡᠢ᠄ ᠨᠠᠰᠤᠲᠠᠨ ᠢ ᠠᠰᠠᠷᠠᠬᠤ ᠬᠦᠷᠢᠶᠡᠯᠡᠩ ᠤᠨ ᠣᠷᠣ ᠶᠢ | ᠤᠷᠢᠳᠴᠢᠯᠠᠨ ᠵᠠᠬᠢᠶᠠᠯᠠᠬᠤ᠂ ᠠᠰᠠᠷᠠᠨ ᠰᠤᠪᠢᠯᠠᠬᠤ ᠵᠡᠷᠭᠡ ︽ᠨᠠᠰᠤᠲᠠᠨ ᠢ ᠠᠰᠠᠷᠠᠬᠤ ᠦᠢᠯᠡᠴᠢᠯᠡᠭᠡ︾ ᠶᠢᠨ | ᠨᠡᠷ᠎ᠡ ᠪᠠᠷ ᠨᠠᠰᠣᠳᠠᠶᠢᠴᠣᠳ ᠢ ᠬᠠᠭᠤᠷᠤᠨ ᠮᠡᠬᠡᠯᠡᠵᠦ ᠪᠠᠶᠢᠭᠠᠳ ᠤᠷᠢᠳᠴᠢᠯᠠᠨ ᠮᠦᠩᠬᠦ ᠳᠣᠰᠢᠶᠠᠯᠭᠠᠬᠤ᠂ ︽ | ᠠᠰᠠᠷᠠᠮᠵᠢ ᠶᠢᠨ ᠭᠠᠵᠠᠷ ᠤᠨ ᠣᠷᠦ︾ ᠳᠤ ᠪᠡᠯᠡ ᠣᠷᠣᠭᠤᠯᠣᠯᠳᠠ ᠬᠢᠵᠦ ᠠᠰᠢᠭ ᠣᠯᠬᠤ︔ ︽ᠨᠠᠰᠤᠵᠢᠯ ᠤᠨ | ᠠᠰᠠᠷᠠᠮᠵᠢ ᠶᠢᠨ ᠲᠥᠷᠥᠯ ᠵᠦᠢᠯ︾ ᠳᠤ ᠪᠡᠯᠡ ᠣᠷᠣᠭᠤᠯᠬᠤ ᠨᠡᠷ᠎ᠡ ᠪᠠᠷ ᠬᠤᠨᠣᠵᠤ ᠬᠡᠪᠲᠡᠬᠦ ᠬᠤᠭᠤᠯᠠ ᠤᠮᠳᠠ᠂ | ᠲᠣᠭᠤᠷᠢᠨ ᠦᠵᠡᠬᠦ ᠵᠢᠭᠤᠯᠴᠢᠯᠠᠯ ᠬᠠᠩᠭᠠᠬᠤ᠂ ᠬᠠᠭᠤᠴᠢᠨ ᠤ ᠬᠠᠳᠠᠭᠠᠯᠠᠮᠵᠢ ᠶᠢᠨ ᠡᠳ᠋ ᠪᠣᠳᠠᠰ ᠲᠤ ᠳᠦᠯᠦᠪᠣᠷᠢ | ᠦᠭᠡᠢ ᠪᠠᠷ ᠰᠢᠯᠭᠠᠨ ᠦᠨᠡᠯᠡᠬᠦ᠂ ᠥᠨᠳᠥᠷ ᠬᠦᠦ ᠲᠠᠢ ᠬᠠᠳᠠᠭᠠᠯᠠᠮᠵᠢ ᠵᠡᠷᠭᠡ ᠪᠠᠷ ᠥᠭᠶᠥᠭᠡ ᠪᠣᠯᠭᠠᠵᠤ | ᠨᠠᠰᠣᠳᠠᠶᠢᠴᠣᠳ ᠢ ᠪᠡᠯᠡ ᠣᠷᠣᠭᠤᠯᠤᠯᠲᠠ ᠬᠢᠯᠭᠡᠬᠦ ᠮᠡᠬᠡᠯᠡᠯ ᠤᠨ ᠠᠵᠢᠯᠯᠠᠭ᠎ᠠ ᠶᠢ ᠰᠡᠷᠡᠮᠵᠢᠯᠡᠬᠦ ᠬᠡᠷᠡᠭᠲᠡᠢ︔ ︽ᠭᠡᠷ | ᠬᠦᠷᠦᠩᠭᠡ ᠪᠠᠷ ᠨᠠᠰᠣᠵᠢᠯ ᠢᠶᠠᠨ ᠳᠡᠵᠢᠭᠡᠬᠦ︾ ᠨᠡᠷ᠎ᠡ ᠪᠠᠷ ᠭᠡᠷ ᠬᠦᠷᠦᠩᠭᠡ ᠶᠢᠨ ᠪᠣᠷᠤᠯᠠᠭᠤᠯᠭ᠎ᠠ ᠳᠤ | ᠨᠠᠰᠣᠳᠠᠶᠢᠴᠣᠳ ᠢ ᠮᠡᠬᠡᠯᠡᠨ ᠣᠷᠣᠭᠤᠯᠵᠦ᠂ ᠬᠤᠳᠠᠯ ᠬᠠᠭᠤᠷᠮᠠᠭ ᠭᠡᠷ᠎ᠡ ᠳᠣᠭᠳᠠᠭᠠᠯᠭᠠᠬᠤ᠂ ᠳᠠᠭᠠᠭᠠᠯᠲᠠ ᠬᠢᠬᠦ᠂ | ᠳᠠᠨᠵᠢᠯᠠᠬᠤ ᠵᠡᠷᠭᠡ ᠠᠷᠭ᠎ᠠ ᠮᠠᠶ᠋ᠢᠭ ᠢᠶᠠᠷ ᠭᠡᠷ ᠬᠥᠷᠥᠩᠭᠡ ᠶᠢ ᠨᠢ ᠪᠠᠷᠢᠴᠠᠭᠠᠯᠠᠵᠤ ᠪᠠᠶᠢᠭᠠᠳ ᠮᠡᠬᠡᠯᠡᠬᠦ ᠠᠵᠢᠯᠯᠠᠭ᠎ᠠ | ᠬᠢᠬᠦ ᠶᠢ ᠰᠡᠷᠡᠮᠵᠢᠯᠡᠬᠦ ᠬᠡᠷᠡᠭᠲᠡᠢ︔ ︽ᠨᠠᠰᠤᠵᠢᠯ ᠤᠨ ᠠᠰᠠᠷᠠᠮᠵᠢ ᠶᠢᠨ ᠳᠠᠭᠠᠳᠬᠠᠯ︾ ᠢ ᠣᠷᠣᠯᠠᠨ ᠭᠦᠢᠴᠡᠳᠬᠡᠬᠦ | ᠨᠡᠷ᠎ᠡ ᠪᠠᠷ ᠮᠠᠲ᠋ᠧᠷᠢᠶᠠᠯ ᠤᠨ ᠰᠦᠢᠳᠬᠡᠯ᠂ ᠲᠠᠯᠠᠷᠬᠠᠯ ᠤᠨ ᠰᠦᠢᠳᠬᠡᠯ ᠬᠤᠷᠢᠶᠠᠬᠤ ᠮᠡᠬᠡᠯᠡᠯ ᠤᠨ ᠠᠵᠢᠯᠯᠠᠭ᠎ᠠ ᠶᠢ | ᠰᠡᠷᠡᠮᠵᠢᠯᠡᠬᠦ ᠬᠡᠷᠡᠭᠲᠡᠢ︔ ︽ᠨᠠᠰᠤᠵᠢᠯ ᠤᠨ ᠠᠰᠠᠷᠠᠮᠵᠢ ᠶᠢᠨ ᠡᠷᠡᠭᠦᠯᠵᠢᠯ︾ ᠤᠨ ᠨᠡᠷ᠎ᠡ ᠪᠠᠷ ᠬᠤᠳᠠᠯ ᠬᠠᠭᠤᠷᠮᠠᠭ | ᠤᠬᠠᠭᠤᠯᠭ᠎ᠠ ᠬᠢᠵᠦ᠂ ᠰᠢᠮ᠎ᠡ ᠳᠡᠵᠢᠭᠡᠯ ᠤᠨ ᠳᠠᠸᠠᠷ ᠤᠨ ᠦᠢᠯᠡᠳᠦᠯ ᠢ ᠶᠡᠬᠡᠰᠬᠡᠵᠦ᠂ ᠨᠠᠰᠤᠲᠠᠶᠢᠴᠤᠳ ᠲᠤ | ᠬᠠᠭᠤᠷᠮᠠᠭ ᠮᠠᠭᠤ ᠲᠠᠸᠠᠷ ᠢ ᠥᠨᠳᠥᠷ ᠦᠨ᠎ᠡ ᠪᠠᠷ ᠪᠣᠷᠣᠯᠠᠭᠤᠯᠬᠤ ᠮᠡᠬᠡᠯᠡᠯ ᠤᠨ ᠠᠵᠢᠯᠯᠠᠭ᠎ᠠ ᠶᠢ ᠰᠡᠷᠡᠮᠵᠢᠯᠡᠬᠦ ᠬᠡᠷᠡᠭᠲᠡᠢ | ︔ ︽ᠨᠠᠰᠤᠵᠢᠯ ᠤᠨ ᠠᠰᠠᠷᠠᠮᠵᠢ ᠶᠢᠨ ᠬᠠᠪᠰᠤᠷᠤᠨ ᠲᠡᠳᠬᠦᠬᠦ︾ ᠨᠡᠷ᠎ᠡ ᠪᠠᠷ᠂ ᠸᠢᠴᠠᠲ ᠢ ᠠᠰᠢᠭᠯᠠᠨ ᠴᠣᠭᠯᠠᠷᠠᠯ | ᠪᠠᠶᠢᠭᠤᠯᠵᠤ᠂ ᠳᠠᠮᠵᠢᠭᠤᠯᠤᠨ ᠪᠣᠷᠣᠯᠠᠭᠤᠯᠬᠤ ᠠᠷᠭ᠎ᠠ ᠪᠠᠷᠢᠯ ᠢᠶᠠᠷ ᠨᠠᠰᠤᠲᠠᠶᠢᠴᠤᠳ ᠠᠴᠠ ᠭᠡᠰᠢᠭᠦᠨ ᠤ ᠰᠦᠢᠳᠬᠡᠯ᠂ | ᠮᠠᠲ᠋ᠧᠷᠢᠶᠠᠯ ᠤᠨ ᠰᠦᠢᠳᠬᠡᠯ᠂ ᠮᠡᠳᠡᠭᠦᠯᠦᠯᠲᠡ ᠶᠢᠨ ᠬᠠᠭᠤᠳᠠᠰᠤ ᠶᠢᠨ ᠰᠦᠢᠳᠬᠡᠯ ᠬᠤᠷᠢᠶᠠᠬᠤ ᠵᠡᠷᠭᠡ ᠮᠡᠬᠡᠯᠡᠯ ᠤᠨ | ᠠᠵᠢᠯᠯᠠᠭ᠎ᠠ ᠶᠢ ᠰᠡᠷᠡᠮᠵᠢᠯᠡᠬᠦ ᠬᠡᠷᠡᠭᠲᠡᠢ᠃ | ᠨᠠᠰᠤᠵᠢᠯ ᠤᠨ ᠠᠰᠠᠷᠠᠮᠵᠢ ᠶᠢᠨ ᠮᠡᠬᠡᠯᠡᠯ ᠤᠨ ᠰᠦᠪᠡᠭᠴᠢ ᠶᠢ ᠣᠯᠵᠤ ᠮᠡᠳᠡᠪᠡᠯ᠂ ᠣᠯᠠᠨ ᠢᠶᠠᠷ ᠢᠶᠠᠨ ᠢᠯᠡᠴᠢᠯᠡᠨ | ᠮᠡᠳᠡᠭᠦᠯᠬᠦ ᠤᠲᠠᠰᠤ ᠪᠣᠶᠣ ᠵᠠᠬᠢᠳᠠᠯ ᠢᠶᠠᠷ ᠢᠯᠡᠴᠢᠯᠡᠨ ᠮᠡᠳᠡᠭᠦᠯᠬᠦ ᠪᠤᠶᠤ ᠰᠢᠭᠤᠳ 12337 ᠢᠯᠡᠴᠢᠯᠡᠨ ᠮᠡᠳᠡᠭᠦᠯᠬᠦ | ᠲᠠᠪᠴᠠᠩ ᠳᠤ ᠢᠯᠡᠴᠢᠯᠡᠨ ᠮᠡᠳᠡᠭᠦᠯᠵᠦ ᠪᠣᠯᠣᠨ᠎ᠠ᠃ | | ᠢᠯᠡᠴᠢᠯᠡᠨ ᠮᠡᠳᠡᠭᠦᠯᠬᠦ ᠤᠲᠠᠰᠤ᠄ | ᠡᠷᠢᠶᠡᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 0479 ︱ 7527110 ︵ᠭᠥᠯᠢᠶᠡᠨ | ᠠᠪᠴᠤ ᠰᠢᠢᠳᠪᠦᠷᠢᠯᠡᠬᠦ ᠴᠠᠭ᠄ ᠠᠵᠢᠯ ᠤᠨ ᠡᠳᠦᠷ 8᠄ 30 ︱ 12᠄ 00 ︱ 15᠄ 00 ︱ 18᠄ 00︶ | | | ᠵᠠᠬᠢᠳᠠᠯ ᠢᠶᠠᠷ ᠢᠯᠡᠴᠢᠯᠡᠨ ᠮᠡᠳᠡᠬᠦᠯᠬᠦ ᠰᠢᠤᠳᠠᠨ ᠬᠠᠶ᠋ᠢᠭ᠄ | ᠡᠷᠢᠶᠡᠨ ᠬᠤᠲᠠ ᠶᠢᠨ ᠨᠠᠰᠤᠵᠢᠯ ᠤᠨ ᠮᠡᠬᠡᠯᠡᠯ ᠢ ᠰᠡᠷᠬᠡᠶᠢᠯᠡᠨ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ | ᠠᠵᠢᠯᠯᠠᠭ᠎ᠠ ᠶᠢᠨ ᠠᠯᠪᠠᠨ ᠭᠡᠷ ︵ᠬᠤᠲᠠ ᠶᠢᠨ ᠨᠠᠮ ᠵᠠᠰᠠᠭ ᠤᠨ ᠲᠣᠮᠣ ᠠᠰᠠᠷ ᠤᠨ 418 ᠨᠣᠮᠧᠷᠳᠦ ᠠᠯᠪᠠᠨ ᠬᠡᠷ︶ | ᠡᠷᠢᠶᠡᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠦ ᠶᠢᠨ ᠴᠠᠭᠳᠠᠭ᠎ᠠ ᠶᠢᠨ ᠶᠡᠭᠡ ᠠᠩᠭᠢ ︵ | ᠰᠢᠤᠳᠠᠨ ᠳ᠋ᠤᠭᠠᠷ᠄ 011100︶ | ᠢᠯᠡᠴᠢᠯᠡᠨ ᠮᠡᠳᠡᠭᠦᠯᠬᠦ ᠲᠠᠪᠴᠠᠩ᠄ ᠪᠥᠬᠦ ᠤᠯᠤᠰ ᠤᠨ ᠲᠤᠰᠬᠠᠢ ᠠᠵᠢᠯᠯᠠᠭ᠎ᠠ ᠶᠢᠨ ᠠᠯᠪᠠᠨ ᠭᠡᠷ ᠤᠨ ᠣᠶᠤᠨᠴᠢ | ᠢᠯᠡᠴᠢᠯᠡᠨ ᠮᠡᠳᠡᠭᠦᠯᠬᠦ ᠲᠠᠪᠴᠠᠩ᠂ 12337 ᠣᠶᠤᠨᠴᠢ ᠢᠯᠡᠴᠢᠯᠡᠨ ᠮᠡᠳᠡᠭᠦᠯᠬᠦ ᠲᠠᠪᠴᠠᠩ ᠳᠡᠭᠡᠷ᠎ᠡ ᠠᠰᠠᠭᠤᠳᠠᠯ | ᠢᠶᠠᠨ ᠳᠣᠰᠬᠠᠵᠦ ᠪᠣᠯᠣᠨ᠎ᠠ | | ᠡᠷᠢᠶᠡᠨ ᠬᠤᠲᠠ ᠶᠢᠨ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ | ᠠᠵᠢᠯᠯᠠᠭ᠎ᠠ ᠶᠢᠨ ᠠᠯᠪᠠᠨᠭᠡᠷ | | 2022 ᠣᠨ ᠤ 5 ᠰᠠᠷ᠎ᠠ ᠶᠢᠨ 17 ᠤ ᠡᠳᠦᠷ |