︽  ︿ᠬᠤᠣᠰ ᠵᠠᠭᠤᠨ﹀ ᠡᠳᠦᠷ ᠤᠨ ᠪᠣᠭᠤᠮᠳᠠ ᠰᠢᠪᠳᠣᠯᠣᠯᠳᠠ︾  ᠪᠥᠬᠦ ᠬᠤᠲᠠ ᠶᠢᠨ ᠢᠳᠡᠭᠡᠨ ᠤᠮᠳᠠᠭᠠᠨ ᠤ ᠦᠢᠯᠡᠴᠢᠯᠡᠭᠡᠨ ᠤ ᠠᠵᠢᠯ ᠲᠥᠷᠥᠯ ᠤᠨ ᠪᠣᠯᠪᠠᠰᠣᠷᠠᠯ  ᠣᠯᠠᠨ ᠤᠯᠤᠰ ᠤᠨ ᠬᠤᠷᠠᠯ ᠦᠵᠡᠰᠬᠦᠯᠡᠩ ᠤᠨ ᠳᠦᠪ ᠲᠤ ᠶᠠᠪᠣᠭᠳᠠᠪᠠ
ᠨᠡᠶᠢᠲᠡᠯᠡᠭᠰᠡᠨ ᠴᠠᠭ᠄
2022/5/25
    5 ᠰᠠᠷ᠎ᠠ ᠶᠢᠨ 23 ᠤ ᠡᠳᠦᠷ᠂ ᠮᠠᠨ ᠤ ᠬᠤᠲᠠ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠢᠳᠡᠭᠡᠨ ᠤᠮᠳᠠᠭᠠᠨ ᠤ ᠦᠢᠯᠡᠴᠢᠯᠡᠭᠡᠨ ᠤ ᠠᠵᠢᠯ ᠲᠥᠷᠥᠯ ᠤᠨ ᠪᠣᠯᠪᠠᠰᠤᠷᠠᠯ ᠤᠨ ᠠᠩᠭᠢ ᠡᠷᠭᠢᠯᠡᠵᠦ᠂ ᠪᠥᠬᠦ ᠬᠤᠲᠠ ᠶᠢᠨ ᠲᠣᠮᠣ ᠳᠤᠮᠳᠠ ᠬᠡᠯᠪᠡᠷᠢ ᠶᠢᠨ ᠢᠳᠡᠭᠡᠨ ᠤᠮᠳᠠᠭᠠᠨ ᠤ ᠦᠢᠯᠡᠴᠢᠯᠡᠭᠡᠨ ᠤ ᠠᠵᠤ ᠠᠬᠤᠶᠢᠯᠠᠯ ᠤᠨ ᠳᠦᠯᠦᠬᠡᠯᠡᠭᠴᠢᠳ ᠪᠣᠯᠪᠠᠰᠣᠷᠠᠯ ᠳᠤ ᠣᠷᠣᠯᠴᠠᠪᠠ  ᠃ ᠪᠣᠯᠪᠠᠰᠣᠷᠠᠯ ᠳᠤ ᠳᠤᠮᠳᠠᠳᠤ ᠤᠯᠤᠰ ᠤᠨ ᠬᠤᠭᠤᠯᠠ ᠬᠢᠬᠦ ᠨᠡᠶᠢᠭᠡᠮᠯᠢᠭ ᠤᠨ ᠲᠡᠷᠢᠭᠦᠯᠡᠭᠴᠢᠳ ᠤᠨ ᠪᠦᠯᠬᠦᠮ ᠤᠨ ᠳᠡᠳ᠋ ᠲᠡᠷᠢᠭᠦᠯᠡᠭᠴᠢ᠂ ᠳᠤᠮᠳᠠᠳᠤ ᠤᠯᠤᠰ ᠤᠨ ᠵᠣᠴᠢᠳ ᠤᠨ ᠪᠠᠭᠤᠳᠠᠯ ᠤᠨ ᠨᠡᠶᠢᠭᠡᠮᠯᠢᠭ ᠤᠨ ᠵᠥᠪᠯᠡᠭᠴᠢ᠂ ᠥᠪᠥᠷ ᠮᠣᠩᠭᠤᠯ ᠤᠨ ᠢᠳᠡᠭᠡᠨ ᠤᠮᠳᠠᠭᠠᠨ ᠬᠢᠭᠡᠳ ᠵᠣᠴᠢᠳ ᠤᠨ ᠪᠠᠭᠤᠳᠠᠯ ᠤᠨ ᠨᠡᠶᠢᠭᠡᠮᠯᠢᠭ ᠤᠨ ᠳᠠᠷᠤᠭ᠎ᠠ ᠯᠠᠩ ᠯᠢ ᠰᠢᠩ   ᠢ ᠣᠨᠴᠠ ᠣᠷᠢᠵᠦ ᠬᠢᠴᠢᠶᠡᠯ ᠣᠷᠣᠭᠤᠯᠪᠠ᠃
    ᠪᠣᠯᠪᠠᠰᠣᠷᠠᠯ ᠤᠨ ᠬᠤᠭᠤᠴᠠᠭᠠᠨ ᠳᠤ᠂  ᠯᠠᠩ ᠯᠢ ᠰᠢᠩ ᠮᠠᠨ ᠤ ᠬᠤᠲᠠ ᠶᠢᠨ ᠬᠡᠰᠡᠭ ᠢᠳᠡᠭᠡᠨ ᠤᠮᠳᠠᠭᠠᠨ ᠤ ᠠᠵᠤ ᠠᠬᠤᠶᠢᠯᠠᠯ ᠳᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠮᠠᠨ ᠤ ᠬᠤᠲᠠ ᠶᠢᠨ ᠢᠳᠡᠭᠡᠨ ᠤᠮᠳᠠᠭᠠᠨ ᠬᠢᠭᠡᠳ ᠵᠢᠭᠤᠯᠴᠢᠯᠠᠯ ᠤᠨ ᠠᠭᠤᠰᠤᠯᠳᠤᠨ ᠬᠥᠭᠵᠢᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠬᠤᠶᠢᠰᠢᠳᠠ ᠶᠢᠨ ᠬᠥᠭᠵᠢᠯᠲᠡ ᠶᠢᠨ ᠠᠷᠭ᠎ᠠ ᠵᠠᠮ ᠤᠨ ᠲᠠᠯ᠎ᠠ ᠪᠠᠷ ᠪᠦᠲᠦᠭᠡᠯᠴᠢ ᠴᠢᠨᠠᠷᠲᠠᠢ ᠰᠠᠨᠠᠭᠤᠯᠭ᠎ᠠ ᠪᠠ ᠰᠠᠨᠠᠯ ᠳᠤᠷᠠᠳᠤᠭᠰᠠᠨ ᠪᠠᠶᠢᠨ᠎ᠠ᠃ ᠬᠤᠲᠠ ᠶᠢᠨ ᠳᠡᠳ᠋ ᠳᠠᠷᠤᠭ᠎ᠠ ᠯᠠᠢ ᠰᠢᠶᠠᠩ ᠬᠤᠸᠠ ᠶᠢᠨ ᠪᠠᠷ᠎ᠠ ᠪᠣᠯᠪᠠ᠃     ᠪᠣᠯᠪᠠᠰᠣᠷᠠᠯ ᠤᠨ ᠬᠤᠷᠠᠯ ᠳᠡᠭᠡᠷ᠎ᠡ᠂ ᠯᠠᠩ ᠯᠢ ᠰᠢᠩ ︽ᠵᠢᠭᠤᠯᠴᠢᠯᠠᠯ ᠤᠨ ᠰᠣᠶᠣᠯ ᠬᠢᠭᠡᠳ ᠢᠳᠡᠭᠡᠨ ᠤᠮᠳᠠᠭᠠᠨ︾ ᠢᠶᠠᠷ ᠭᠤᠣᠯ ᠰᠡᠳᠦᠪ ᠪᠣᠯᠭᠠᠵᠤ᠂ ᠢᠳᠡᠭᠡᠨ ᠤᠮᠳᠠᠭᠠᠨ ᠤ ᠦᠢᠯᠡᠰ ᠤᠨ ᠣᠳᠣᠬᠢ ᠪᠠᠶᠢᠳᠠᠯ᠂ ᠢᠳᠡᠭᠡᠨ ᠤᠮᠳᠠᠭᠠᠨ ᠤ ᠦᠢᠯᠡᠰ ᠤᠨ ᠬᠥᠭᠵᠢᠯᠲᠡ ᠶᠢᠨ ᠠᠴᠢ ᠬᠤᠯᠪᠣᠭᠳᠠᠯ᠂ ᠭᠤᠷᠪᠠᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠳᠠᠶᠢᠴᠢᠯᠠᠬᠤ ᠦᠨᠳᠦᠰᠦᠨ ᠬᠥᠳᠡᠯᠭᠡᠭᠦ ᠬᠦᠴᠦᠨ ᠵᠡᠷᠭᠡ ᠲᠠᠯ᠎ᠠ ᠪᠠᠷ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠯᠲᠠ ᠬᠢᠭᠰᠡᠨ ᠪᠥᠭᠡᠳ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠠᠶᠢᠭᠤᠯᠤᠯᠲᠠ᠂ ᠢᠳᠡᠭᠡᠨ ᠤᠮᠳᠠᠭᠠᠨ ᠤ ᠰᠣᠶᠣᠯ᠂ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ᠂ ᠴᠢᠳᠠᠪᠤᠷᠢᠲᠠᠨ ᠤ ᠪᠠᠶᠢᠭᠤᠯᠤᠯᠲᠠ ᠵᠡᠷᠭᠡ ᠠᠭᠤᠯᠭ᠎ᠠ ᠳᠤ ᠪᠥᠬᠦ ᠲᠠᠯ᠎ᠠ ᠪᠠᠷ ᠨᠠᠷᠢᠨ ᠲᠠᠶᠢᠯᠪᠤᠷᠢᠯᠠᠯᠲᠠ ᠬᠢᠭᠰᠡᠨ ᠪᠠᠶᠢᠨ᠎ᠠ᠃     ᠲᠣᠰ ᠤᠳᠠᠭᠠᠨ ᠤ ᠪᠣᠯᠪᠠᠰᠣᠷᠠᠯ ᠨᠢ ᠢᠳᠡᠭᠡᠨ ᠤᠮᠳᠠᠭᠠᠨ ᠤ ᠦᠢᠯᠡᠰ ᠤᠨ ᠠᠵᠢᠯᠲᠠᠨ ᠠᠵᠢᠯᠴᠢᠨ ᠢ ᠬᠠᠪᠰᠤᠷᠤᠨ ᠲᠣᠰ ᠪᠡᠶ᠎ᠡ ᠶᠢᠨ ᠲᠤᠰᠬᠠᠢ ᠮᠡᠷᠭᠡᠵᠢᠯ ᠤᠨ ᠮᠡᠳᠡᠯᠭᠡ ᠪᠠ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢ  ᠳᠡᠭᠡᠭᠰᠢᠯᠡᠭᠦᠯᠵᠦ᠂ ᠪᠣᠭᠤᠮᠲᠠ ᠶᠢᠨ ᠢᠳᠡᠭᠡᠨ ᠤᠮᠳᠠᠭᠠᠨ ᠤ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠦᠨ᠂ ︽ᠠᠮᠤᠷ ᠲᠦᠪᠰᠢᠨ᠂ ᠰᠢᠮ᠎ᠡ ᠲᠡᠵᠢᠭᠡᠯ ᠲᠠᠢ᠂ ᠡᠷᠡᠭᠦᠯ ᠴᠢᠭᠢᠷᠠᠭ᠂ ᠪᠣᠬᠢᠷᠳᠤᠯ ᠦᠭᠡᠢ︾ ᠢᠳᠡᠭᠡᠨ ᠤᠮᠳᠠᠭᠠᠨ ᠤ ᠬᠡᠷᠡᠭᠯᠡᠭᠡᠨ ᠤ ᠬᠥᠭᠵᠢᠯᠲᠡ ᠶᠢᠨ ᠴᠢᠭᠯᠡᠯ  ᠢ ᠣᠯᠠᠮ ᠳᠣᠳᠣᠷᠠᠭᠤᠯᠪᠠ᠃    ᠪᠣᠯᠪᠠᠰᠤᠷᠠᠯ ᠳᠤ  ᠣᠷᠣᠯᠴᠠᠭᠰᠠᠳ᠂ ᠲᠣᠰ ᠤᠳᠠᠭᠠᠨ ᠤ ᠪᠣᠯᠪᠠᠰᠣᠷᠠᠯ ᠢᠶᠠᠷ ᠳᠡᠮᠵᠢᠨ᠂ ᠢᠳᠡᠭᠡᠨ ᠤᠮᠳᠠᠭᠠᠨ ᠤ ᠦᠢᠯᠡᠴᠢᠯᠡᠭᠡ᠂ ᠢᠳᠡᠭᠡᠨ ᠤ ᠠᠮᠤᠷ ᠲᠦᠪᠰᠢᠨ᠂ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠨᠠᠩ ᠰᠢᠰᠲ᠋ᠧᠮ ᠲᠠᠢ᠂ ᠨᠠᠩ ᠭᠦᠨᠵᠡᠭᠡᠢ ᠣᠶᠢᠯᠠᠭᠠᠯᠲᠠ ᠲᠠᠢ ᠪᠣᠯᠵᠤ᠂ ᠣᠯᠣᠯᠲᠠ ᠶᠡᠬᠡᠲᠡᠢ ᠪᠣᠯᠤᠭᠰᠠᠨ ᠪᠥᠭᠡᠳ ᠢᠳᠡᠭᠡᠨ ᠤᠮᠳᠠᠭᠠᠨ ᠤ ᠠᠵᠢᠯ ᠲᠥᠷᠥᠯ ᠤᠨ ᠬᠢᠨ ᠤ ᠬᠢᠯᠢ ᠶᠢᠨ ᠪᠣᠭᠤᠮᠲᠠ ᠶᠢᠨ ᠢᠳᠡᠭᠡᠨ ᠤᠮᠳᠠᠭᠠᠨ᠂ ᠵᠢᠭᠤᠯᠴᠢᠯᠠᠯ ᠤᠨ ᠦᠢᠯᠡᠴᠢᠯᠡᠭᠡ ᠶᠢ ᠬᠠᠮᠲᠤ ᠪᠠᠷ ᠰᠠᠶᠢᠲᠤᠷ ᠬᠢᠬᠦ ᠢᠲᠡᠭᠡᠯ ᠵᠣᠷᠢᠭ ᠢ ᠴᠤ ᠨᠡᠮᠡᠭᠳᠡᠭᠦᠯᠪᠡ ᠭᠡᠵᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号