︽ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠬᠤ︾ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠠᠵᠢᠯ ᠤᠨ ᠪᠠᠶᠢᠷᠢ ᠶᠢᠨ ᠡᠷᠬᠡ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠲᠠᠶᠢᠴᠢᠯᠠᠨ ᠪᠠᠶᠢᠷᠢᠯᠠᠭᠤᠯᠬᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/5/25
  ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠨ ᠪᠠᠶᠢᠷᠢ ᠶᠢᠨ ᠡᠷᠬᠡ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠶᠢᠨ ᠳᠣᠯᠠᠳᠠ᠂ 5 ᠰᠠᠷ᠎ᠠ ᠶᠢᠨ 23 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠠᠴᠠ ᠠᠵᠢᠯ ᠤᠨ ᠪᠠᠶᠢᠷᠢ ᠶᠢᠨ ᠡᠷᠬᠡ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠣᠪᠠ᠃
  ᠬᠤᠷᠠᠯ ᠳᠡᠭᠡᠷ᠎ᠡ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢᠦ ᡁᠢ ᠫᠢᠩ ᠪᠣᠯᠣᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ ᠤᠨ ᠪᠥᠬᠦ ᠬᠤᠲᠠ ᠶᠢᠨ ᠠᠵᠢᠯ ᠤᠨ ᠪᠠᠶᠢᠷᠢ ᠶᠢᠨ ᠡᠷᠬᠡ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠭᠦᠨᠵᠡᠭᠡᠢ ᠥᠷᠨᠢᠭᠦᠯᠬᠦ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠠᠵᠢᠯ ᠤᠨ ᠪᠠᠶᠢᠷᠢ ᠶᠢᠨ ᠡᠷᠬᠡ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠭᠦᠨᠵᠡᠭᠡᠢ ᠥᠷᠨᠢᠭᠦᠯᠬᠦ ᠲᠥᠰᠥᠯ︾ ᠢ ᠤᠩᠰᠢᠨ ᠨᠡᠶᠢᠲᠡᠯᠡᠪᠡ᠃    ᠬᠤᠷᠠᠯ ᠠᠴᠠ᠂ ᠠᠵᠢᠯ ᠤᠨ ᠪᠠᠶᠢᠷᠢ ᠶᠢᠨ ᠡᠷᠬᠡ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠥᠷᠨᠢᠭᠦᠯᠵᠦ᠂ ᠡᠷᠬᠡ ᠶᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠬᠤ ᠪᠣᠯ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠠᠵᠢᠯ ᠢ ᠭᠦᠨᠵᠡᠭᠡᠢ ᠥᠷᠨᠢᠭᠦᠯᠬᠦ᠂ ᠨᠠᠮ ᠤᠨ ᠭᠡᠰᠢᠭᠦᠨ ᠺᠠᠳ᠋ᠷᠴᠤᠳ ᠤᠨ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠶᠢ ᠠᠬᠢᠭᠤᠯᠬᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠠᠮᠠᠭᠠᠯᠠᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ ᠬᠡᠵᠦ ᠵᠢᠭᠠᠪᠣᠷᠢᠯᠠᠪᠠ᠃    ᠬᠤᠷᠠᠯ ᠠᠴᠠ᠂ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠪᠠᠶᠢᠷᠢ ᠶᠢᠨ ᠡᠷᠬᠡ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ᠃ ᠠᠵᠢᠯ ᠤᠨ ᠪᠠᠶᠢᠷᠢ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠬᠡᠷᠡᠭᠵᠢᠭᠦᠯᠬᠦ ᠪᠣᠯ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠬᠡᠷᠡᠭᠯᠡᠨ ᠢᠯᠵᠠᠷᠠᠯ ᠢ ᠵᠠᠯᠬᠠᠭᠠᠨ ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠪᠣᠳᠠᠲᠠᠢ ᠦᠢᠯᠡᠳᠦᠯᠭᠡ ᠮᠥᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠮᠤᠷ ᠲᠦᠪᠰᠢᠨ ᠪᠠ ᠺᠠᠳ᠋ᠷᠴᠤᠳ ᠤᠨ ᠦᠰᠦᠨ ᠪᠣᠶᠢᠵᠢᠬᠤ ᠠᠮᠤᠷ ᠲᠦᠪᠰᠢᠨ ᠤ ᠪᠦᠲᠦᠮᠵᠢᠲᠡᠶ ᠪᠠᠲᠤᠯᠠᠭ᠎ᠠ ᠮᠥᠨ᠃ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠠᠵᠢᠯ ᠢ ᠴᠢᠩᠭ᠎ᠠ ᠠᠳᠬᠤᠵᠤ᠂ ᠨᠠᠷᠢᠯᠢᠭ ᠠᠳᠬᠤᠵᠤ᠂ ᠪᠣᠳᠠᠲᠠᠢ ᠠᠳᠬᠤᠵᠤ᠂ ᠪᠣᠳᠠᠲᠠᠢ ᠠᠵᠢᠯᠯᠠᠬᠤ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠪᠤᠢ ᠪᠣᠯᠭᠠᠵᠤ᠂ ᠦᠨᠡᠨ ᠪᠣᠳᠠᠲᠠᠢ ᠦᠷ᠎ᠡ ᠪᠦᠲᠦᠮᠵᠢ ᠭᠠᠷᠭᠠᠬᠤ ᠬᠡᠷᠡᠭᠲᠡᠢ᠃ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠤᠳᠤᠷᠢᠳᠬᠤ ᠺᠠᠳ᠋ᠷ ᠲᠦᠷᠦᠭᠦᠯᠡᠨ ᠬᠢᠬᠦ ᠶᠢ ᠪᠠᠷᠢᠮᠲᠠᠯᠠᠵᠤ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠢ ᠨᠠᠶᠢᠳᠠᠪᠤᠷᠢᠵᠢᠭᠤᠯᠵᠤ᠂ ᠠᠵᠢᠯ ᠤᠨ ᠪᠠᠶᠢᠷᠢ ᠶᠢᠨ ᠡᠷᠬᠡ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号