ᠳᠤᠮᠳᠠᠳᠤ ᠮᠣᠩᠭᠤᠯ ᠤᠨ ᠡᠷᠢᠶᠡᠨ ᠬᠤᠲᠠ ︱ ᠤᠯᠠᠭᠠᠨᠪᠠᠭᠠᠲᠤᠷ ᠤᠨ ᠥᠷᠭᠡᠨ ᠴᠠᠷᠭᠤᠳᠦ ︽ᠡᠷᠢᠶᠡᠨ ᠨᠡᠷᠡᠮᠵᠢᠲᠦ︾ ᠵᠢᠰᠢᠶᠠᠨ ᠤ  ᠭᠠᠯᠲᠤ ᠲᠡᠷᠭᠡ  ᠬᠦᠳᠡᠯᠦᠯ᠎ᠡ
ᠨᠡᠶᠢᠲᠡᠯᠡᠭᠰᠡᠨ ᠴᠠᠭ᠄
2022/5/27
     5 ᠰᠠᠷ᠎ᠠ ᠶᠢᠨ 25 ᠤ ᠡᠳᠦᠷ᠂ ᠳᠤᠮᠳᠠᠳᠤ ᠮᠣᠩᠭᠤᠯ ᠤᠨ ᠡᠷᠢᠶᠡᠨ ᠬᠤᠲᠠ ︱ ᠤᠯᠠᠭᠠᠨᠪᠠᠭᠠᠲᠤᠷ ᠤᠨ ᠥᠷᠭᠡᠨ ᠵᠠᠮᠲᠤ ︽ᠡᠷᠢᠶᠡᠨ ᠨᠡᠷᠡᠮᠵᠢᠲᠦ︾ ᠵᠢᠰᠢᠶᠠᠨ ᠤ ᠭᠠᠯᠲᠤ ᠲᠡᠷᠭᠡ ᠶᠢᠨ ᠠᠩᠬᠠᠨ ᠤ ᠠᠶᠠᠯᠠᠯ ᠤᠨ ᠡᠬᠢᠯᠡᠯᠳᠠ  ᠶᠢᠨ ᠶᠣᠰᠣᠯᠠᠯ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠳᠤ ᠶᠠᠪᠤᠭᠳᠠᠪᠠ᠃
   ᠲᠤᠰ ᠡᠳᠦᠷ ᠤᠨ ᠦᠳᠡ ᠶᠢᠨ ᠡᠮᠦᠨᠡᠬᠢ 10 ᠴᠠᠭ ᠲᠤ᠂ ᠮᠣᠩᠭᠤᠯ ᠤᠯᠤᠰ ᠤᠨ ᠪᠠᠴᠢᠮ ᠬᠡᠷᠡᠭᠰᠡᠬᠦ ᠪᠠᠷᠢᠯᠭ᠎ᠠ ᠶᠢᠨ ᠮᠠᠲ᠋ᠧᠷᠢᠶᠠᠯ᠂ ᠳᠠᠮᠵᠢᠭᠤᠯᠬᠤ ᠬᠤᠭᠤᠯᠠᠢ ᠶᠢᠨ ᠲᠥᠬᠦᠭᠡᠷᠦᠮᠵᠢ᠂ ᠢᠳᠡᠭᠡᠨ ᠤ ᠵᠦᠢᠯ ᠵᠡᠷᠭᠡ ᠦᠢᠯᠡᠳᠪᠦᠷᠢᠯᠡᠯ ᠠᠮᠢᠳᠤᠷᠠᠯ ᠤᠨ ᠡᠳ᠋ ᠪᠣᠳᠠᠰ ᠢ ᠳᠦᠭᠦᠷᠲᠡᠯ᠎ᠡ ᠲᠡᠭᠡᠭᠡᠭᠰᠡᠨ ᠳᠤᠮᠳᠠᠳᠤ ᠮᠣᠩᠭᠤᠯ ᠤᠨ ᠡᠷᠢᠶᠡᠨ ᠬᠤᠳᠠ ︱ ᠤᠯᠠᠭᠠᠨᠪᠠᠭᠠᠲᠤᠷ ᠤᠨ ᠥᠷᠭᠡᠨ ᠵᠠᠮᠲᠤ ︽ᠡᠷᠢᠶᠡᠨ ᠨᠡᠷᠡᠮᠵᠢᠳᠦ︾ ᠵᠢᠰᠢᠶᠠᠨ ᠤ ᠭᠠᠯᠲᠤ ᠲᠡᠷᠭᠡ ᠪᠦᠷᠢᠶ᠎ᠡ ᠳᠤᠤᠭᠠᠷᠭᠠᠨ ᠠᠶᠠᠯᠠᠯ ᠢᠶᠠᠨ ᠡᠬᠢᠯᠡᠭᠦᠯᠪᠡ᠃ ᠡᠨᠡ ᠨᠢ ᠡᠷᠢᠶᠡᠨ ᠬᠤᠳᠠ ᠠᠴᠠ ᠣᠯᠠᠭᠠᠨᠪᠠᠭᠠᠳᠣᠷ ᠵᠦᠭ ᠥᠷᠭᠡᠨ ᠵᠠᠮᠲᠤ ᠪᠠᠷᠠᠭᠠᠨ ᠤ ᠲᠡᠭᠡᠭᠡᠪᠦᠷᠢ ᠶᠢᠨ ᠲᠤᠰᠬᠠᠢ ᠴᠤᠪᠤᠭ᠎ᠠ ᠲᠡᠷᠭᠡ ᠶᠢ ᠠᠩᠬ᠎ᠠ ᠨᠡᠭᠡᠭᠡᠭᠰᠡᠨ ᠢ ᠬᠠᠷᠠᠭᠤᠯᠵᠤ ᠪᠠᠶᠢᠨ᠎ᠠ᠃    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠠᠬᠤᠢ ᠪᠠᠶᠢᠳᠠᠯ ᠳᠣᠣᠷ᠎ᠠ᠂ ᠳᠤᠮᠳᠠᠳᠤ ᠮᠣᠩᠭᠤᠯ ᠤᠨ ᠡᠷᠢᠶᠡᠨ ᠬᠤᠲᠠ ︱ ᠵᠠᠮ ᠤᠨ ᠡᠭᠦᠳᠡ ᠶᠢᠨ ᠪᠠᠷᠠᠭᠠᠨ ᠤ ᠲᠡᠭᠡᠭᠡᠪᠦᠷᠢ ᠵᠣᠬᠢᠬᠤ ᠬᠡᠮᠵᠢᠶ᠎ᠡ ᠪᠠᠷ ᠨᠥᠯᠥᠭᠡᠯᠡᠭᠳᠡᠵᠡᠢ᠃ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠠᠷᠭᠠᠴᠠᠬᠤ ᠶᠢᠨ ᠳᠣᠯᠠᠳᠠ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠣᠯᠠᠨ ᠲᠠᠯ᠎ᠠ ᠪᠠᠷ ᠠᠷᠭ᠎ᠠ ᠰᠦᠪᠡᠭᠴᠢᠯᠡᠵᠦ᠂ ᠪᠣᠭᠤᠮᠲᠠ ᠶᠢᠨ ︽ᠲᠥᠪᠯᠡᠷᠡᠭᠦᠯᠬᠦ ᠲᠠᠷᠬᠠᠭᠠᠬᠤ ᠲᠡᠭᠡᠭᠡᠪᠦᠷᠢᠯᠡᠬᠦ︾ ᠴᠢᠳᠠᠪᠤᠷᠢ ᠶᠢ ᠢᠳᠡᠪᠬᠢᠲᠡᠢ ᠪᠠᠷ ᠥᠷᠭᠡᠳᠬᠡᠨ᠂ ᠠᠷᠭ᠎ᠠ ᠪᠦᠬᠦᠨ ᠢ ᠰᠦᠪᠡᠭᠴᠢᠯᠡᠨ ᠡᠳ᠋ ᠪᠠᠷᠠᠭ᠎ᠠ ᠶᠢ ᠭᠠᠳᠠᠭᠠᠳᠤ ᠳᠤ ᠭᠠᠷᠭᠠᠵᠤ ᠲᠡᠭᠡᠭᠡᠪᠦᠷᠢᠯᠡᠬᠦ ᠰᠢᠨ᠎ᠡ ᠠᠷᠭ᠎ᠠ ᠵᠠᠮ ᠢ ᠡᠷᠢᠯᠬᠢᠯᠡᠵᠦ᠂ ᠳᠤᠮᠳᠠᠳᠤ ᠮᠣᠩᠭᠤᠯ ᠤᠨ ᠠᠷᠠᠯᠵᠢᠶᠠᠨ ᠤ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠬᠤ ᠶᠢ ᠴᠢᠷᠮᠠᠶᠢᠨ ᠪᠠᠲᠤᠯᠠᠪᠠ᠃      ᠳᠤᠮᠳᠠᠳᠤ ᠮᠣᠩᠭᠤᠯ ᠤᠨ ᠡᠷᠢᠶᠡᠨ ᠬᠤᠲᠠ ︱ ᠤᠯᠠᠭᠠᠨᠪᠠᠭᠠᠲᠤᠷ ᠤᠨ ᠥᠷᠭᠡᠨ ᠵᠠᠮᠲᠤ ︽ᠡᠷᠢᠶᠡᠨ ᠨᠡᠷᠡᠮᠵᠢᠲᠦ︾ ᠵᠢᠰᠢᠶᠠᠨ ᠤ ᠭᠠᠯᠲᠤ ᠲᠡᠷᠭᠡ ᠶᠢᠨ ᠠᠶᠠᠯᠠᠭᠰᠠᠨ ᠨᠢ ᠡᠷᠢᠶᠡᠨ ᠥᠷᠲᠡᠭᠡ ᠠᠴᠠ ᠪᠤᠴᠠᠬᠤ ᠪᠠᠷ ᠪᠠᠶᠢᠭ᠎ᠠ ᠲᠡᠷᠭᠡ ᠪᠣᠯᠣᠨ ᠴᠢᠩᠭᠡᠯᠢᠭ ᠤᠨ ᠲᠡᠭᠡᠭᠡᠪᠦᠷᠢ ᠶᠢᠨ ᠳᠠᠪᠠᠭᠤᠯᠢᠭ ᠵᠢᠴᠢ ᠣᠨᠴᠠᠯᠢᠭ ᠢ ᠭᠦᠢᠴᠡᠳ ᠠᠭᠤᠳᠠᠯᠤᠭᠰᠠᠨ ᠪᠠᠶᠢᠨ᠎ᠠ᠃ ᠲᠤᠰ ᠡᠭᠡᠯᠵᠢ ᠶᠢᠨ ᠭᠠᠯᠲᠤ ᠲᠡᠷᠭᠡ ᠮᠣᠩᠭᠤᠯ ᠤᠯᠤᠰ ᠤᠨ ᠵᠠᠮ ᠤᠨ ᠡᠭᠦᠳᠡ ᠪᠣᠭᠤᠮᠲᠠ ᠳᠤ ᠬᠦᠷᠦᠭᠰᠡᠨ ᠤ ᠳᠠᠷᠠᠭ᠎ᠠ ᠲᠡᠭᠡᠭᠡᠰᠢ ᠪᠠᠨ ᠰᠣᠯᠢᠬᠤ ᠦᠭᠡᠢ ᠪᠣᠯᠵᠤ᠂ ᠤᠯᠠᠭᠠᠨᠪᠠᠭᠠᠲᠤᠷ ᠲᠤ ᠰᠢᠭᠤᠳ ᠬᠦᠷᠴᠦ᠂ ᠪᠣᠭᠤᠮᠲᠠ ᠪᠠᠷ ᠥᠩᠭᠡᠷᠡᠬᠦ ᠲᠡᠭᠡᠭᠡᠪᠦᠷᠢ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠡᠭᠡᠭᠡᠪᠦᠷᠢ ᠶᠢᠨ ᠥᠪᠡᠷ ᠤᠨ ᠦᠷᠳᠡᠭ ᠢ ᠠᠷᠪᠢᠯᠠᠪᠠ᠃   ᠲᠤᠰ ᠡᠭᠡᠯᠵᠢ ᠶᠢᠨ ᠵᠢᠰᠢᠶᠠᠨ ᠤ ᠭᠠᠯᠲᠤ ᠲᠡᠷᠭᠡ ᠨᠢ ᠤᠯᠤᠰ ᠤᠨ ᠳᠣᠲᠣᠭᠠᠳᠤ ᠶᠢᠨ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠪᠣᠯᠣᠨ ᠮᠣᠩᠭᠤᠯ ᠤᠨ ᠲᠠᠯ᠎ᠠ ᠶᠢᠨ ᠪᠠᠴᠢᠮ ᠬᠡᠷᠡᠭᠰᠡᠬᠦ ᠡᠳ᠋ ᠪᠣᠳᠠᠰ ᠤᠨ ᠬᠡᠷᠡᠭᠴᠡᠭᠡ ᠶᠢ ᠬᠠᠩᠭᠠᠭᠰᠠᠨ ᠢᠶᠠᠷ ᠪᠠᠷᠠᠬᠤ ᠦᠭᠡᠢ᠂ ᠨᠡᠩ ᠴᠤ ᠪᠣᠭᠤᠮᠲᠠ ᠶᠢᠨ ᠤᠯᠠᠨ ᠤᠯᠤᠰ ᠤᠨ ᠪᠠᠷᠠᠭᠠᠨ ᠤ ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠰᠢᠨ᠎ᠡ ᠠᠷᠭ᠎ᠠ ᠬᠡᠮᠵᠢᠶ᠎ᠡ ᠠᠪᠴᠤ᠂ ᠳᠤᠮᠳᠠᠳᠤ ᠮᠣᠩᠭᠤᠯ ᠬᠤᠶᠠᠷ ᠤᠯᠤᠰ ᠤᠨ ᠪᠣᠭᠤᠮᠲᠠ ᠶᠢᠨ ᠥᠷᠲᠡᠭᠡᠨ ᠤ ᠥᠷᠭᠡᠨ ᠵᠠᠮᠲᠤ ᠴᠢᠩᠭᠡᠯᠢᠭ ᠢᠶᠠᠷ ᠪᠠᠷᠠᠭ᠎ᠠ ᠲᠡᠭᠡᠭᠡᠪᠦᠷᠢᠯᠡᠬᠦ ᠵᠢᠰᠢᠶᠠᠨ ᠤ ᠭᠠᠯᠲᠤ ᠲᠡᠷᠭᠡ ᠶᠢᠨ ︽ᠲᠡᠭ︾ ᠤᠨ ᠰᠢᠪᠲᠤᠯᠤᠯᠲᠠ ᠶᠢ ᠪᠡᠶᠡᠯᠡᠭᠦᠯᠵᠡᠢ᠃
     ︽ᠡᠷᠢᠶᠡᠨ ᠨᠡᠷᠡᠮᠵᠢᠲᠦ︾ ᠤᠯᠤᠰ ᠤᠨ ᠡᠭᠦᠳᠡ ᠪᠠᠷ ᠭᠠᠷᠪᠠ     ᠳᠤᠮᠳᠠᠳᠤ ᠤᠯᠤᠰ ᠤᠨ ᠭᠠᠳᠠᠭᠠᠳᠤ ᠲᠡᠭᠡᠭᠡᠪᠦᠷᠢ ᠶᠢᠨ ᠡᠷᠢᠶᠡᠨ ᠤ ᠬᠤᠪᠢᠶᠠᠷᠢ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢ ᠪᠢᠩ ᠱᠠᠨ ᠠᠴᠠ᠂ ︽ᠡᠷᠢᠶᠡᠨ ᠨᠡᠷᠡᠮᠵᠢᠲᠦ︾ ᠵᠢᠰᠢᠶᠠᠨ ᠤ ᠭᠠᠯᠲᠤ ᠲᠡᠷᠭᠡ ᠶᠢᠨ ᠠᠶᠠᠯᠠᠯᠲᠠ ᠨᠢ ᠳᠤᠮᠳᠠᠳᠤ ᠮᠣᠩᠭᠤᠯ ᠬᠤᠶᠠᠷ ᠲᠠᠯ᠎ᠠ ᠶᠢᠨ ᠪᠠᠷᠠᠭᠠᠨ ᠤ ᠲᠡᠭᠡᠭᠡᠪᠦᠷᠢ ᠶᠢᠨ ᠬᠡᠷᠡᠭᠴᠡᠭᠡ ᠶᠢᠨ ᠪᠠᠴᠢᠮ ᠪᠠᠶᠢᠳᠠᠯ ᠢ ᠵᠣᠬᠢᠬᠤ ᠬᠡᠮᠵᠢᠶ᠎ᠡ ᠪᠠᠷ ᠨᠠᠮᠳᠠᠭᠤᠯᠵᠤ᠂ ᠪᠣᠭᠤᠮᠲᠠ ᠳᠠᠬᠢ ᠳᠤᠮᠳᠠᠳᠤ ᠮᠣᠩᠭᠤᠯ ᠤᠨ ᠲᠤᠰᠬᠠᠢ ᠭᠠᠯᠲᠤ ᠲᠡᠷᠭᠡ ᠶᠢᠨ ︽ᠲᠡᠭ︾  ᠤᠨ ᠰᠢᠪᠲᠤᠯᠤᠯᠲᠠ ᠶᠢ ᠪᠡᠶᠡᠯᠡᠭᠦᠯᠪᠡ ᠭᠡᠵᠡᠢ᠃ ᠳᠤᠮᠳᠠᠳᠤ ᠤᠯᠤᠰ ᠤᠨ ᠭᠠᠳᠠᠭᠠᠳᠤ ᠲᠡᠭᠡᠭᠡᠪᠦᠷᠢ ᠶᠢᠨ ᠤᠮᠠᠷᠠᠲᠤ ᠣᠷᠣᠨ ᠤ ᠬᠢᠵᠠᠭᠠᠷᠲᠤ ᠺᠣᠮᠫᠠᠨᠢ ᠶᠢᠨ ᠡᠷᠢᠶᠡᠨ ᠤ ᠬᠤᠪᠢᠶᠠᠷᠢ ᠺᠣᠮᠫᠠᠨᠢ ᠨᠢ ᠳᠤᠮᠳᠠᠳᠤ ᠤᠯᠤᠰ ᠤᠨ ᠭᠠᠳᠠᠭᠠᠳᠤ ᠲᠡᠭᠡᠭᠡᠪᠦᠷᠢ ᠶᠢᠨ ︽ᠪᠠᠷᠠᠭᠠᠨ ᠤ ᠭᠦᠢᠯᠭᠡᠭᠡᠨ ᠤ ᠤᠯᠤᠰ ᠤᠨ ᠠᠩᠭᠢ︾ ᠪᠣᠯᠣᠨ ᠪᠥᠬᠦ ᠰᠦᠯᠵᠢᠶᠡᠨ ᠤ ᠡᠵᠡᠩᠨᠡᠯᠲᠡ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ︽ᠡᠷᠢᠶᠡᠨ ᠨᠡᠷᠡᠮᠵᠢᠳᠦ︾  ᠶᠢ ᠪᠠᠶᠢᠩᠭᠤᠵᠢᠭᠤᠯᠤᠨ ᠨᠡᠭᠡᠭᠡᠨ ᠬᠥᠭᠵᠢᠭᠦᠯᠬᠦ ᠶᠢ ᠠᠬᠢᠭᠤᠯᠵᠤ᠂ ᠳᠤᠮᠳᠠᠳᠤ ᠮᠣᠩᠭᠤᠯ ᠤᠨ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠳᠤ ᠭᠠᠳᠠᠭᠠᠳᠤ ᠲᠡᠭᠡᠭᠡᠪᠦᠷᠢ ᠶᠢᠨ ᠬᠦᠴᠦᠨ ᠴᠢᠳᠠᠯ ᠢᠶᠠᠨ ᠨᠡᠮᠡᠷᠢᠯᠡᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号