ᠥᠪᠡᠷᠲᠡᠭᠡᠨ ᠵᠠᠰᠠᠬᠤ ᠣᠷᠣᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠬᠤᠶᠢᠰᠢᠯᠠᠭᠤᠯᠣᠨ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠤᠨ ᠲᠤᠰᠬᠠᠢ ᠱᠠᠭᠠᠷᠳᠠᠨ ᠪᠠᠶᠢᠴᠠᠭᠠᠬᠤ ᠳᠤᠭᠤᠶᠢᠯᠠᠩ ᠮᠠᠨ ᠤ ᠬᠤᠲᠠ ᠳᠤ ᠢᠷᠡᠵᠦ ᠱᠠᠭᠠᠷᠳᠠᠨ ᠪᠠᠶᠢᠴᠠᠭᠠᠵᠤ ᠠᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/5/30
  5 ᠳ᠋ᠤᠭᠠᠷ ᠰᠠᠷ᠎ᠠ ᠶᠢᠨ 26 ᠤ ᠡᠳᠦᠷ ᠠᠴᠠ 27 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠬᠤᠶᠢᠰᠢᠯᠠᠭᠤᠯᠣᠨ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠤᠨ ᠲᠤᠰᠬᠠᠢ ᠱᠠᠭᠠᠷᠳᠠᠨ ᠪᠠᠶᠢᠴᠠᠭᠠᠬᠤ ᠳᠤᠭᠤᠶᠢᠯᠠᠩ ᠮᠠᠨ ᠤ ᠬᠤᠲᠠ ᠳᠤ ᠢᠷᠡᠵᠦ ᠱᠠᠭᠠᠷᠳᠠᠨ ᠪᠠᠶᠢᠴᠠᠭᠠᠵᠤ ᠵᠢᠭᠠᠨ ᠵᠢᠯᠣᠭᠤᠳᠪᠠ᠃ ᠡᠨᠡ ᠬᠤᠭᠤᠴᠠᠭᠠᠨ ᠳᠤ᠂ ᠮᠠᠨ ᠤ ᠬᠤᠲᠠ ᠬᠠᠷᠢᠭᠤ ᠮᠡᠳᠡᠭᠦᠯᠦᠯᠲᠡ ᠶᠢᠨ ᠬᠤᠷᠠᠯ ᠬᠢᠵᠦ᠂ ᠬᠤᠲᠠ ᠶᠢᠨ ᠳᠡᠳ᠋ ᠳᠠᠷᠤᠭ᠎ᠠ ᠰᠢᠯᠢᠨᠪᠠᠭᠠᠳᠣᠷ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠰᠢᠯᠢᠨᠪᠠᠭᠠᠳᠣᠷ ᠮᠠᠨ ᠤ ᠬᠤᠳᠠ ᠶᠢᠨ 2022 ᠣᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠪᠠᠲᠤᠯᠠᠬᠤ ᠠᠵᠢᠯ ᠢ ᠥᠷᠨᠢᠭᠦᠯᠦᠭᠰᠡᠨ ᠵᠢᠴᠢ ᠥᠪᠡᠷ ᠤᠨ ᠪᠠᠶᠢᠴᠠᠭᠠᠯᠲᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃    ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠬᠤᠲᠠ ᠶᠢᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠢ ᠭᠦᠢᠴᠡᠳ ᠨᠤᠲᠠᠯᠠᠬᠤ ᠶᠢᠨ ᠬᠠᠮᠲᠤ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠪᠠ᠃ ᠱᠠᠭᠠᠷᠳᠠᠨ ᠪᠠᠶᠢᠴᠠᠭᠠᠬᠤ ᠳᠤᠭᠤᠶᠢᠯᠠᠩ ᠠᠴᠠ᠂ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠡᠷᠡᠭᠲᠡᠢ᠃ ᠵᠠᠭᠠᠯᠳᠤᠬᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠤᠭᠤᠳᠬᠠᠵᠤ᠂ ᠤᠯᠠᠨ ᠲᠦᠮᠡᠨ ᠤ ᠵᠠᠭᠠᠯᠳᠤᠬᠤ ᠢᠯᠡᠴᠢᠯᠡᠨ ᠮᠡᠳᠡᠭᠦᠯᠬᠦ ᠬᠡᠷᠡᠭ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠵᠢᠩᠬᠢᠨᠢ ᠨᠡᠷ᠎ᠡ ᠶᠢᠨ ᠳᠦᠷᠢᠮ ᠤᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢ ᠦᠷᠭᠦᠯᠵᠢᠯᠡᠨ ᠠᠬᠢᠭᠤᠯᠵᠤ᠂ ᠵᠢᠩᠬᠢᠨᠢ ᠨᠡᠷ᠎ᠡ ᠶᠢᠨ ᠳᠦᠷᠢᠮ ᠤᠨ ᠲᠥᠷᠥᠯ ᠵᠦᠢᠯ ᠤᠨ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠳᠡᠭᠡᠭᠰᠢ ᠳᠠᠮᠵᠢᠭᠤᠯᠤᠨ ᠰᠢᠨᠡᠳᠬᠡᠬᠦ ᠶᠢ ᠪᠠᠲᠤᠯᠠᠵᠤ᠂ ᠵᠣᠬᠢᠬᠤ ᠭᠡᠷᠡᠴᠢ ᠮᠠᠲ᠋ᠧᠷᠢᠶᠠᠯ ᠢ ᠨᠥᠬᠦᠪᠦᠷᠢᠯᠡᠨ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠣᠯᠭᠤᠬᠤ ᠠᠵᠢᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠦᠲᠦᠮᠵᠢᠲᠡᠶ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    ᠰᠢᠯᠢᠨᠪᠠᠭᠠᠳᠣᠷ ᠠᠴᠠ᠂ ᠡᠷᠢᠶᠡᠨ ᠬᠤᠲᠠ ᠶᠢᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠠᠮᠢᠶ᠎ᠠ ᠪᠦᠬᠦᠢ ᠲᠥᠰᠥᠯ ᠲᠣᠭᠲᠠᠭᠠᠵᠤ᠂ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠥᠬᠦ ᠬᠤᠲᠠ ᠶᠢᠨ ᠬᠡᠪᠴᠢᠶᠡᠨ ᠳᠠᠬᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠥᠷᠢᠲᠦᠬᠦ ᠶᠢ ᠶᠡᠬᠡᠪᠡᠷ ᠵᠢᠭᠰᠠᠭᠠᠨ ᠪᠠᠶᠢᠴᠠᠭᠠᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠪᠣᠭᠤᠮᠲᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠨ᠎ᠠ ᠭᠡᠵᠦ ᠢᠯᠡᠷᠬᠡᠶᠢᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号