| | 5 ᠰᠠᠷ᠎ᠠ ᠶᠢᠨ 28 ᠤ ᠡᠳᠦᠷ᠂ ᠮᠠᠨ ᠤ ᠬᠤᠲᠠ ︽ᠪᠦᠬᠦ ᠠᠶᠢᠮᠠᠭ ᠤᠨ ᠪᠦᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ︾ ᠶᠢ ᠠᠬᠢᠭᠤᠯᠬᠤ ᠠᠵᠢᠯ ᠤᠨ | ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠮᠠᠨ ᠤ ᠬᠤᠲᠠ ᠶᠢᠨ ᠪᠥᠬᠦ ᠠᠶᠢᠮᠠᠭ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠶᠢ ᠠᠬᠢᠭᠤᠯᠬᠤ ᠠᠵᠢᠯ ᠳᠤ ᠳᠠᠶᠢᠴᠢᠯᠠᠯᠲᠠ ᠪᠠᠶᠢᠷᠢᠯᠠᠭᠤᠯᠤᠯᠲᠠ ᠬᠢᠵᠦ᠂ | ᠮᠠᠨ ᠤ ᠬᠤᠲᠠ ᠶᠢᠨ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠬᠤᠲᠠ ᠶᠢ ᠡᠭᠦᠳᠦᠨ ᠪᠠᠶᠢᠭᠤᠯᠬᠤ ᠳᠤ ᠳᠠᠬᠢᠨ ᠳᠣᠬᠢᠷᠠᠭᠤᠯᠣᠨ᠂ ᠳᠠᠬᠢᠨ ᠴᠢᠩᠭᠠᠳᠬᠠᠵᠦ᠂ ᠡᠭᠦᠳᠦᠨ ᠪᠠᠶᠢᠭᠤᠯᠬᠤ | ᠡᠭᠦᠷᠭᠡ ᠪᠠᠨ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠵᠤ᠂ ᠮᠠᠨ ᠤ ᠬᠤᠲᠠ ᠶᠢᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠠᠬᠢᠭᠤᠯᠪᠠ᠃ | | | | ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢᠦ ᡁᠢ ᠫᠢᠩ | ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠠᠨ ᠬᠤᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢ ᠴᠣᠭᠵᠢᠯ ᠬᠤᠷᠠᠯ ᠳᠤ ᠣᠷᠣᠯᠴᠠᠵᠤ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠶᠠᠩ ᠶᠢᠨ | ᠷᠦᠢ ᠬᠤᠷᠠᠯ ᠢ ᠡᠷᠭᠢᠯᠡᠪᠡ᠃ ᠬᠤᠲᠠ ᠶᠢᠨ ᠳᠥᠷᠪᠡᠨ ᠣᠳᠣᠷᠢᠳᠬᠤ ᠪᠠᠭ ᠤᠨ ᠬᠤᠳᠠ ᠳᠤ ᠪᠠᠶᠢᠭ᠎ᠠ ᠪᠤᠰᠤᠳ | ᠤᠳᠤᠷᠢᠳᠤᠯᠭ᠎ᠠ ᠵᠢᠴᠢ ᠬᠤᠲᠠ ᠶᠢᠨ ᠰᠢᠭᠤᠳ ᠬᠠᠷᠢᠶ᠎ᠠ᠂ ᠬᠤᠲᠠ ᠳᠤ ᠰᠠᠭᠤᠭ᠎ᠠ ᠡᠯ᠎ᠡ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | | | ᠬᠤᠷᠠᠯ ᠠᠴᠠ ︽ᠡᠷᠢᠶᠡᠨ ᠬᠤᠲᠠ ᠶᠢᠨ ︿ᠰᠢᠯᠢ ᠶᠢᠨ ᠭᠤᠣᠯ ᠠᠶᠢᠮᠠᠭ ᠤᠨ ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ | ᠬᠡᠷᠡᠭᠵᠢᠭᠦᠯᠬᠦ ᠲᠥᠰᠥᠯ﹀ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠨᠠᠷᠢᠨ ᠳᠦᠷᠢᠮ︾ ᠳᠤ | ᠲᠣᠳᠣᠷᠬᠠᠶᠢᠯᠠᠯᠲᠠ ᠬᠢᠵᠡᠢ︔ ︽ᠳᠣᠯᠣᠳᠤᠭᠠᠷ ᠪᠦᠯᠦᠭ ᠤᠨ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠵᠢᠱᠢᠶ᠎ᠡ ᠦᠵᠡᠭᠦᠯᠬᠦ ᠨᠢᠭᠡᠴᠡ ᠪᠠᠷ ᠨᠡᠷᠡᠶᠢᠳᠬᠦ ᠲᠤᠬᠠᠢ ᠰᠢᠢᠳᠪᠣᠷᠢ | ︾ ᠪᠠ ︽ᠪᠥᠬᠦ ᠠᠶᠢᠮᠠᠭ ᠤᠨ ᠲᠠᠪᠤᠳᠤᠭᠠᠷ ᠪᠦᠯᠦᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠲᠣᠭᠤᠷᠢᠭ ᠵᠢᠱᠢᠶ᠎ᠡ ᠦᠵᠡᠭᠦᠯᠬᠦ ᠨᠢᠭᠡᠴᠡ ᠪᠠᠷ ᠨᠡᠷᠡᠶᠢᠳᠬᠦ ᠲᠤᠬᠠᠢ ᠰᠢᠢᠳᠪᠣᠷᠢ︾ ᠢ ᠤᠩᠰᠢᠨ | ᠨᠡᠶᠢᠲᠡᠯᠡᠪᠡ᠃ | ᠯᠢᠦ ᡁᠢ ᠫᠢᠩ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠡᠯ᠎ᠡ ᠵᠦᠢᠯ ᠤᠨ | ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠪᠣᠯ ᠰᠢ ᠶᠢᠨ ᠫᠢᠩ ᠶᠡᠷᠦᠩᠬᠡᠢ ᠱᠦᠵᠢ ᠶᠢᠨ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠠᠵᠢᠯᠯᠠᠭ᠎ᠠ ᠶᠢᠨ ᠦᠢᠯᠡᠳᠦᠯᠭᠡ ᠪᠣᠯᠣᠨ᠎ᠠ᠂ ᠤᠮᠠᠷᠠᠲᠤ ᠬᠢᠯᠢ ᠶᠢᠨ ᠠᠮᠤᠷ ᠲᠦᠪᠰᠢᠨ | ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠣᠨ᠎ᠠ᠂ ᠤᠯᠤᠰ ᠪᠣᠯᠣᠨ ᠥᠪᠡᠷᠲᠡᠭᠡᠨ ᠵᠠᠰᠠᠬᠤ | ᠣᠷᠣᠨ ᠤ ᠤᠮᠠᠷᠠᠰᠢ ᠨᠡᠭᠡᠭᠡᠯᠲᠡ ᠬᠢᠬᠦ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠬᠦ ᠴᠢᠬᠤᠯᠠ ᠠᠴᠢᠶᠠᠯᠠᠪᠤᠷᠢ | ᠪᠣᠯᠣᠨ᠎ᠠ᠃ ᠥᠷᠭᠡᠨ ᠣᠯᠠᠨ ᠺᠠᠳ᠋ᠷ ᠣᠯᠠᠨ ᠲᠦᠮᠡᠨ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ | ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠠᠮ ᠤᠨ ᠲᠥᠪ | ᠬᠤᠷᠢᠶ᠎ᠠ ᠪᠣᠯᠣᠨ ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ | ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠨ᠂ ︽ᠭᠤᠷᠪᠠᠨ ᠰᠠᠯᠵᠤ | ᠴᠢᠳᠠᠬᠤ ᠦᠭᠡᠢ︾ ᠦᠵᠡᠯ ᠰᠠᠨᠠᠭ᠎ᠠ ᠶᠢ ᠭᠦᠨᠵᠡᠭᠡᠶᠢᠷᠡᠭᠦᠯᠵᠦ᠂ ᠳᠡᠭᠡᠳᠦ ᠳᠣᠣᠷᠠᠳᠤ ᠱᠠᠲᠤ ᠪᠠᠷ ᠢᠶᠠᠨ ᠰᠡᠳᠬᠢᠯ ᠢᠶᠠᠨ | ᠨᠢᠭᠡᠳᠬᠡᠵᠦ᠂ ᠬᠠᠮᠲᠤ ᠶᠢᠨ ᠴᠢᠭᠯᠡᠯ ᠢᠶᠠᠷ ᠬᠦᠴᠦᠯᠡᠨ ᠴᠢᠷᠮᠠᠶᠢᠵᠤ ᠪᠠᠶᠢᠭᠠᠳ ᠡᠭᠦᠳᠦᠨ ᠪᠠᠶᠢᠭᠤᠯᠬᠤ ᠠᠵᠢᠯ ᠢ | ᠴᠢᠩᠭ᠎ᠠ ᠠᠳᠬᠤᠵᠤ᠂ ᠪᠣᠭᠤᠮᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠦᠢᠯᠡᠰ ᠤᠨ ᠪᠣᠳᠠᠲᠤ | ᠦᠷ᠎ᠡ ᠪᠦᠲᠦᠮᠵᠢ ᠣᠯᠬᠤ ᠶᠢ ᠠᠬᠢᠭᠤᠯᠵᠤ᠂ ᠪᠦᠬᠦ ᠤᠯᠤᠰ ᠪᠦᠬᠦ ᠣᠷᠣᠨ ᠤ ᠶᠡᠭᠡ ᠲᠠᠯ᠎ᠠ ᠳᠤ ᠠᠭᠤᠰᠤᠯᠴᠠᠬᠤ | ᠳᠤᠮᠳᠠ ᠪᠣᠭᠤᠮᠲᠠ ᠶᠢᠨ ᠡᠭᠦᠷᠭᠡᠯᠡᠯ ᠢ ᠢᠯᠡᠷᠡᠭᠦᠯᠵᠦ᠂ ᠪᠣᠭᠤᠮᠲᠠ ᠶᠢᠨ ᠬᠦᠴᠦᠨ ᠢ ᠨᠡᠮᠡᠷᠢᠯᠡᠬᠦ ᠬᠡᠷᠡᠭᠳᠠᠢ ᠭᠡᠵᠦ | ᠵᠢᠭᠠᠵᠦ ᠭᠠᠷᠭᠠᠪᠠ᠃ | ᠯᠢᠦ ᡁᠢ ᠫᠢᠩ᠂ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠠᠶᠢᠮᠠᠭ ᠤᠨ ᠨᠠᠮ ᠤᠨ ᠬᠤᠷᠢᠶ᠎ᠠ ᠪᠣᠯᠣᠨ | ᠬᠤᠲᠠ ᠶᠢᠨ ᠨᠠᠮ ᠤᠨ ᠬᠤᠷᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠰᠢᠯᠭᠠᠨ ᠦᠨᠡᠯᠡᠬᠦ ᠰᠢᠰᠲ᠋ᠧᠮ ᠢ | ᠡᠭᠦᠳᠦᠨ ᠪᠠᠶᠢᠭᠤᠯᠬᠤ ᠱᠠᠭᠠᠷᠳᠠᠯᠭ᠎ᠠ ᠲᠠᠢ ᠬᠠᠷᠢᠴᠠᠭᠤᠯᠵᠤ᠂ ︽ᠲᠠᠪᠤᠨ ᠬᠠᠮᠲᠤ ᠶᠢᠨ ᠲᠠᠨᠢᠯᠲᠠ︾᠂ ᠠᠵᠤ ᠠᠬᠤᠢ | ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠲᠡᠨ ᠤ ᠠᠭᠤᠰᠤᠯᠴᠠᠯ ᠢ ᠠᠬᠢᠭᠤᠯᠵᠤ᠂ | ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠴᠦ᠂ ᠬᠢᠯᠢ ᠬᠢᠵᠠᠭᠠᠷ ᠢ ᠲᠣᠭᠲᠠᠪᠤᠷᠢᠵᠢᠭᠤᠯᠤᠨ ᠡᠭᠦᠳᠦᠨ | ᠪᠠᠶᠢᠭᠤᠯᠬᠤ ᠶᠢ ᠠᠳᠬᠤᠬᠤ ᠳᠤ ᠠᠩᠬᠠᠷᠤᠯ ᠢᠶᠠᠨ ᠳᠦᠪᠯᠡᠷᠡᠬᠦᠯᠵᠦ᠂ ᠦᠨᠳᠦᠰᠦᠲᠡᠨ ᠨᠦᠭᠦᠳ ᠤᠨ ᠬᠠᠮᠲᠤ ᠶᠢᠨ | ᠤᠶᠤᠨ ᠰᠠᠨᠠᠭᠠᠨ ᠤ ᠭᠡᠷ ᠣᠷᠣᠨ ᠢ ᠪᠦᠬᠦ ᠲᠠᠯ᠎ᠠ ᠪᠠᠷ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠪᠣᠳᠠᠰ ᠤᠨ ᠰᠠᠭᠤᠷᠢ ᠶᠢ ᠪᠠᠲᠤᠳᠬᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ | ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ | ᠣᠳᠣᠬᠢᠴᠢᠯᠠᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠪᠠ ᠦᠨᠳᠦᠰᠦᠲᠡᠨ ᠤ ᠬᠦᠷᠢᠶᠡᠨ ᠤ ᠠᠶᠤᠯ | ᠲᠦᠭᠰᠢᠭᠦᠷᠢ ᠶᠢᠨ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠭᠤᠣᠯᠳᠠᠯᠭ᠎ᠠ ᠲᠠᠢ ᠡᠭᠦᠷᠭᠡ ᠶᠢ | ᠨᠠᠷᠢᠯᠢᠭ ᠣᠨᠣᠴᠢᠳᠠᠢ ᠡᠵᠡᠮᠳᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ | ᠯᠠᠪᠳᠠᠭᠤᠨ ᠪᠠᠲᠤᠲᠠᠢ ᠭᠦᠨᠵᠡᠭᠡᠢ ᠥᠷᠨᠢᠭᠦᠯᠬᠦ ᠶᠢ ᠪᠣᠳᠠᠲᠠᠢ ᠲᠥᠷᠥᠭᠳᠡᠯ ᠲᠠᠢ ᠪᠦᠲᠦᠮᠵᠢᠲᠡᠢ ᠠᠬᠢᠭᠤᠯᠬᠤ ᠬᠡᠷᠡᠭᠲᠡᠢ | ᠭᠡᠵᠦ ᠱᠠᠭᠠᠷᠳᠠᠪᠠ᠃ | ᠯᠢᠦ ᡁᠢ ᠫᠢᠩ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ | ᠥᠷᠨᠢᠭᠦᠯᠬᠦ ᠶᠢᠨ ᠵᠠᠩᠭᠢᠯᠠᠭ᠎ᠠ ᠨᠢ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠳᠤ ᠪᠠᠶᠢᠨ᠎ᠠ᠃ ᠡᠯ᠎ᠡ | ᠰᠠᠯᠠᠭ᠎ᠠ ᠮᠥᠴᠢᠷ᠂ ᠨᠢᠭᠡᠴᠡ ᠨᠦᠭᠦᠳ ᠡᠭᠦᠳᠦᠨ ᠪᠠᠶᠢᠭᠤᠯᠬᠤ ᠠᠵᠢᠯ ᠢ ᠨᠡᠩ ᠴᠢᠬᠤᠯᠠ ᠪᠠᠶᠢᠷᠢᠨ ᠳᠤ ᠲᠠᠯᠪᠢᠵᠤ᠂ | ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠨ᠂ ᠱᠠᠭᠠᠷᠳᠠᠨ | ᠪᠠᠶᠢᠴᠠᠭᠠᠵᠤ ᠬᠢᠨᠠᠨ ᠰᠢᠯᠭᠠᠬᠤ ᠶᠢ ᠴᠢᠩᠳᠠᠯᠠᠵᠤ᠂ ᠠᠭᠤᠷ ᠠᠮᠢᠰᠬᠤᠯ ᠢ ᠪᠣᠶ ᠪᠣᠯᠭᠠᠬᠤ ᠶᠢ ᠴᠢᠩᠭᠠᠳᠬᠠᠵᠤ᠂ | ᠲᠠᠨᠢᠯᠲᠠ ᠶᠢ ᠪᠣᠳᠠᠲᠠᠶᠢᠵᠢᠭᠤᠯᠵᠤ᠂ ᠵᠣᠬᠢᠶᠠᠨ ᠪᠠᠶᠢᠭᠤᠯᠤᠯᠲᠠ ᠶᠢ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠶᠢ | ᠪᠣᠳᠠᠲᠠᠶᠢᠵᠢᠭᠤᠯᠵᠤ᠂ ᠠᠵᠢᠯ ᠢ ᠪᠣᠳᠠᠲᠠᠶᠢᠵᠢᠭᠤᠯᠵᠤ᠂ ᠡᠭᠦᠳᠦᠨ ᠪᠠᠶᠢᠭᠤᠯᠬᠤ ᠠᠵᠢᠯ ᠤᠨ ᠵᠢᠱᠢᠭᠰᠡᠨ ᠦᠷ᠎ᠡ | ᠪᠦᠲᠦᠮᠵᠢ ᠣᠯᠬᠤ ᠶᠢ ᠪᠠᠲᠤᠯᠠᠵᠤ᠂ ᠪᠥᠬᠦ ᠬᠤᠲᠠ ᠶᠢᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠲᠦᠯᠬᠢᠨ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ | ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃ |