ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠰᠢᠨ᠎ᠡ ᠡᠪᠯᠡᠯ ᠤᠨ ᠭᠡᠰᠢᠭᠦᠨ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2022/5/5
    ᠡᠪᠯᠡᠯ ᠪᠠᠶᠢᠭᠤᠯᠤᠭᠳᠠᠭᠰᠠᠨ ᠵᠠᠭᠤᠨ ᠵᠢᠯ ᠢ ᠪᠠᠶᠠᠷᠯᠠᠨ ᠤᠭᠲᠤᠬᠤ ᠶᠢᠨ ᠳᠣᠯᠠᠳᠠ᠂  ᠨᠠᠮ ᠤᠨ ᠬᠤᠷᠢᠳᠤᠭᠠᠷ ᠶᠡᠭᠡ ᠬᠤᠷᠠᠯ ᠳᠤ ᠪᠡᠯᠡᠭ ᠬᠦᠷᠭᠡᠵᠦ᠂ ᠡᠪᠯᠡᠯ ᠤᠨ ᠵᠣᠬᠢᠶᠠᠨ ᠪᠠᠶᠢᠭᠤᠯᠤᠯᠲᠠ ᠳᠤ ᠰᠢᠨ᠎ᠡ ᠰᠣᠷᠭᠤᠭ ᠬᠦᠴᠦᠨ ᠢ ᠲᠠᠰᠤᠷᠠᠯᠳᠡ ᠦᠭᠡᠢ ᠨᠡᠮᠡᠷᠢᠯᠡᠵᠦ᠂ ︽5·4︾  ᠤ ᠵᠠᠯᠠᠭᠤᠴᠤᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 4 ᠰᠠᠷ᠎ᠠ ᠶᠢᠨ 27  ᠤ ᠡᠳᠦᠷ᠂ ᠬᠤᠳᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠳᠤ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ ᠡᠭᠦᠷᠢᠳᠡ ᠨᠠᠮ ᠢᠶᠠᠨ ᠲᠠᠭᠠᠵᠦ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ ᠵᠠᠮ︾  ᠤᠨ ᠰᠢᠨ᠎ᠡ ᠡᠪᠯᠡᠯ ᠤᠨ ᠭᠡᠰᠢᠭᠦᠨ ᠤ ᠡᠪᠯᠡᠯ ᠳᠤ ᠣᠷᠣᠬᠤ ᠶᠣᠰᠣᠯᠠᠯ ᠶᠠᠪᠤᠭᠤᠯᠵᠤ᠂ 33 ᠰᠤᠷᠤᠭᠴᠢ ᠢᠷᠠᠭᠤ ᠠᠯᠳᠠᠷᠲᠠᠢ ᠪᠠᠷ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠳᠤ ᠣᠷᠣᠪᠠ᠃
  ᠶᠣᠰᠣᠯᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠬᠥᠰᠢᠭᠡ ᠪᠠᠨ ᠰᠡᠬᠦᠪᠡ᠃ ᠬᠤᠷᠠᠯ ᠡᠷᠬᠢᠯᠡᠭᠴᠢ ᠠᠴᠠ ᠰᠢᠨ᠎ᠡ ᠡᠪᠯᠡᠯ ᠤᠨ ᠭᠡᠰᠢᠭᠦᠨ ᠤ ᠨᠡᠷᠡᠰ ᠢ ᠨᠡᠶᠢᠲᠡᠯᠡᠵᠦ᠂ ᠠᠵᠢᠯᠯᠠᠭ᠎ᠠ ᠳᠤ ᠣᠷᠣᠯᠴᠠᠭᠰᠠᠨ ᠰᠤᠷᠭᠠᠭᠤᠯᠢ ᠶᠢᠨ ᠤᠳᠤᠷᠢᠳᠤᠯᠭ᠎ᠠ ᠠᠴᠠ ᠰᠢᠨ᠎ᠡ ᠡᠪᠯᠡᠯ ᠤᠨ ᠭᠡᠰᠢᠭᠦᠨ ᠳᠤ ᠡᠪᠯᠡᠯ ᠤᠨ ᠳᠦᠷᠢᠮ᠂ ᠡᠪᠯᠡᠯ ᠤᠨ ᠭᠡᠰᠢᠭᠦᠨ ᠤ ᠦᠨᠡᠮᠯᠡᠯ ᠣᠯᠭᠤᠭᠰᠠᠨ ᠪᠥᠭᠡᠳ ᠲᠡᠳᠡᠨ ᠳᠤ ᠡᠪᠯᠡᠯ ᠤᠨ ᠰᠦᠯᠳᠡ ᠵᠡᠭᠦᠯᠭᠡᠵᠦ᠂ ᠲᠡᠳᠡᠨ ᠤ ᠢᠷᠠᠭᠤ ᠠᠯᠳᠠᠷᠲᠤ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ ᠪᠣᠯᠤᠭᠰᠠᠨ ᠳᠤ ᠪᠠᠶᠠᠷ ᠬᠦᠷᠭᠡᠪᠡ᠃
   ᠳᠠᠷᠠᠭ᠎ᠠ ᠨᠢ᠂ ᠰᠢᠨ᠎ᠡ ᠡᠪᠯᠡᠯ ᠤᠨ ᠭᠡᠰᠢᠭᠦᠨ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ᠃ ᠬᠤᠷᠴᠠ ᠰᠣᠷᠭᠤᠭ ᠡᠪᠯᠡᠯ ᠤᠨ ᠲᠤᠭ ᠤᠨ ᠳᠣᠣᠷ᠎ᠠ᠂ ᠰᠢᠨ᠎ᠡ ᠡᠪᠯᠡᠯ ᠤᠨ ᠭᠡᠰᠢᠭᠦᠨ ᠪᠠᠷᠠᠭᠤᠨ ᠭᠠᠷ ᠢᠶᠠᠨ ᠡᠷᠭᠦᠵᠦ᠂ ᠨᠢᠳᠤᠷᠭ᠎ᠠ ᠪᠠᠨ ᠴᠢᠩᠭ᠎ᠠ ᠠᠳᠬᠤᠨ ᠲᠥᠪ ᠴᠢᠩᠭ᠎ᠠ ᠪᠠᠷ ︽ᠪᠢ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠳᠤ ᠰᠠᠶᠢᠨ ᠳᠤᠷ᠎ᠠ ᠠᠴᠠ ᠪᠠᠨ ᠣᠷᠣᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠡᠷᠡᠰ ᠬᠦᠷᠢᠶᠡᠯᠡᠨ᠎ᠡ ᠁︾ ᠭᠡᠵᠦ ᠲᠠᠩᠭᠠᠷᠢᠭᠯᠠᠵᠠᠢ᠃ ᠬᠦᠩᠭᠢᠨᠡᠮ᠎ᠡ ᠲᠠᠭᠤᠨ᠂ ᠡᠷᠡᠰ ᠪᠠᠲᠤ ᠲᠠᠩᠭᠠᠷᠢᠭ ᠨᠢ ᠤᠷᠢ ᠵᠠᠯᠠᠭᠤ ᠨᠠᠰᠤᠨ ᠤ ᠬᠠᠯᠠᠭᠤᠨ ᠴᠢᠰᠤ ᠪᠠᠨ ᠢᠯᠡᠳᠬᠡᠵᠦ᠂ ᠥᠨᠢᠳᠡ ᠪᠠᠯᠠᠷᠠᠰᠢ ᠦᠭᠡᠢ ᠡᠷᠬᠢᠮ ᠳᠡᠭᠡᠳᠦ ᠬᠦᠰᠡᠯᠡᠩ ᠪᠠ ᠢᠲᠡᠭᠡᠯ ᠪᠢᠰᠢᠷᠡᠯ ᠢᠶᠠᠨ ᠢᠯᠡᠳᠬᠡᠨ᠎ᠡ
     ᠡᠪᠯᠡᠯ ᠳᠤ ᠣᠷᠣᠬᠤ ᠶᠣᠰᠣᠯᠠᠯ ᠰᠦᠷ ᠵᠢᠪᠬᠤᠯᠠᠩᠲᠠᠢ ︽ᠡᠪᠯᠡᠯ ᠤᠨ ᠳᠠᠭᠤᠤ︾ ᠶᠢᠨ ᠳᠤᠮᠳᠠ ᠲᠡᠭᠦᠰᠪᠡ᠃ ᠲᠥᠪ ᠬᠢᠴᠢᠶᠡᠩᠭᠦᠢ᠂ ᠬᠦᠷ ᠬᠥᠭᠵᠢᠶᠡᠨ ᠲᠠᠢ ᠡᠪᠯᠡᠯ ᠳᠤ ᠣᠷᠣᠬᠤ ᠶᠣᠰᠣᠯᠠᠯ ᠨᠢ ᠰᠢᠨ᠎ᠡ ᠡᠪᠯᠡᠯ ᠤᠨ ᠭᠡᠰᠢᠭᠦᠳ ᠲᠤ ᠨᠢᠭᠡ ᠤᠳᠠᠭᠠᠨ ᠤ ᠤᠶᠤᠨ ᠰᠠᠨᠠᠭᠠᠨ ᠤ ᠤᠬᠢᠶᠠᠯ ᠬᠦᠷᠲᠡᠭᠡᠵᠦ᠂ ᠨᠢᠭᠡ ᠤᠳᠠᠭᠠᠨ ᠤ ᠲᠥᠪ ᠴᠢᠩᠭ᠎ᠠ ᠪᠥᠭᠡᠳ ᠲᠥᠪ ᠬᠢᠴᠢᠶᠡᠩᠭᠦᠢ ᠰᠤᠷᠭᠠᠨ ᠬᠥᠮᠦᠵᠢᠯ ᠢ ᠬᠦᠷᠲᠡᠭᠡᠭᠰᠡᠨ ᠪᠠᠶᠢᠨ᠎ᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号