| | 5 ᠰᠠᠷ᠎ᠠ ᠶᠢᠨ 5 ᠤ ᠡᠳᠦᠷ᠂ ᠪᠥᠬᠦ ᠬᠤᠲᠠ ᠶᠢᠨ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ | ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂ | ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ | ᠬᠤᠷᠢᠶ᠎ᠠ ᠶᠢᠨ ᠴᠢᠬᠤᠯᠠ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠨᠠᠰᠤᠵᠢᠯ ᠤᠨ ᠮᠡᠬᠡᠯᠡᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ | ᠶᠣᠰᠣᠭᠠᠷ ᠴᠢᠩᠭ᠎ᠠ ᠵᠠᠯᠬᠠᠭᠠᠨ ᠰᠢᠳᠭᠡᠵᠦ᠂ ᠡᠯ᠎ᠡ ᠲᠥᠷᠥᠯ ᠤᠨ ᠮᠡᠬᠡᠯᠡᠯ ᠳᠤ ᠬᠤᠯᠪᠣᠭᠳᠠᠭᠰᠠᠨ ᠵᠠᠮᠪᠠᠷᠠᠭ᠎ᠠ ᠦᠭᠡᠢ | ᠦᠵᠡᠭᠳᠡᠯ ᠢ ᠦᠷᠭᠦᠯᠵᠢᠯᠡᠨ ᠵᠠᠰᠠᠵᠤ᠂ ᠨᠠᠰᠤᠵᠢᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠪᠠ᠃ | | | | | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶᠠᠨ ᠤ ᠱᠦᠵᠢ ᠴᠧᠨ ᠢᠦᠢ ᠴᠧᠩ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶᠠᠨ ᠤ ᠳᠠᠷᠤᠭ᠎ᠠ ᠰᠢᠯᠢᠨᠪᠠᠭᠠᠳᠣᠷ ᠬᠤᠷᠠᠯ ᠳᠤ ᠣᠷᠣᠯᠴᠠᠪᠠ᠃ | ᠬᠤᠷᠠᠯ ᠠᠴᠠ᠂ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ | ᠥᠷᠨᠢᠭᠦᠯᠬᠦ ᠪᠣᠯ ᠨᠠᠮ ᠤᠨ ᠲᠥᠪ ᠬᠤᠷᠢᠶ᠎ᠠ ᠠᠴᠠ ᠪᠠᠶᠢᠷᠢᠯᠠᠭᠤᠯᠤᠭᠰᠠᠨ ᠴᠢᠬᠤᠯᠠ ᠡᠭᠦᠷᠭᠡ᠂ ᠠᠷᠠᠳ ᠲᠦᠮᠡᠨ ᠢᠶᠠᠷ | ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ ᠶᠢᠨ ᠪᠣᠳᠠᠲᠠᠢ ᠢᠯᠡᠷᠡᠯ ᠮᠥᠨ᠂ | ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠡᠷᠢᠶᠡᠨ ᠬᠤᠳᠠ ᠶᠢ ᠪᠦᠲᠦᠭᠡᠨ ᠪᠠᠶᠢᠭᠤᠯᠬᠤ ᠬᠦᠴᠦᠲᠡᠢ | ᠠᠵᠢᠯᠯᠠᠭ᠎ᠠ ᠮᠥᠨ᠃ ᠡᠯ᠎ᠡ ᠬᠠᠮᠢᠶ᠎ᠠ ᠪᠦᠬᠦᠢ ᠨᠢᠭᠡᠴᠡ ᠨᠦᠭᠦᠳ ᠦᠵᠡᠯ ᠰᠠᠨᠠᠭ᠎ᠠ ᠪᠠᠨ ᠨᠢᠭᠡᠳᠬᠡᠵᠦ᠂ ᠪᠥᠬᠦ | ᠬᠤᠲᠠ ᠳᠤ 6 ᠰᠠᠷ᠎ᠠ ᠶᠢᠨ ᠬᠤᠭᠤᠴᠠᠭ᠎ᠠ ᠲᠠᠢ ᠲᠤᠰᠬᠠᠢ ᠠᠵᠢᠯᠯᠠᠭ᠎ᠠ ᠥᠷᠨᠢᠭᠦᠯᠬᠦ ᠶᠢᠨ ᠴᠢᠬᠤᠯᠠ ᠶᠡᠭᠡ ᠠᠴᠢ | ᠬᠤᠯᠪᠣᠭᠳᠠᠯ ᠢ ᠭᠦᠢᠴᠡᠳ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ | ᠴᠢᠩᠭᠠᠳᠬᠠᠵᠤ᠂ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ | ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ᠃ ᠡᠯ᠎ᠡ ᠲᠥᠷᠥᠯ ᠤᠨ ᠤᠬᠠᠭᠤᠯᠭ᠎ᠠ ᠶᠢᠨ ᠠᠴᠢᠶᠠᠯᠠᠪᠤᠷᠢ ᠶᠢ | ᠶᠡᠷᠦᠩᠬᠡᠶᠢᠯᠡᠨ ᠬᠡᠷᠡᠭᠯᠡᠵᠦ᠂ ᠵᠡᠷᠭᠡ ᠪᠠᠷ ᠬᠦᠴᠦᠯᠡᠬᠦ ᠶᠢ ᠪᠡᠶᠡᠯᠡᠭᠦᠯᠵᠦ᠂ ᠪᠥᠬᠦ ᠠᠵᠢᠯ ᠲᠥᠷᠥᠯ ᠢᠶᠠᠷ ᠢᠶᠠᠨ | ᠣᠷᠤᠯᠴᠠᠬᠤ᠂ ᠪᠥᠬᠦ ᠴᠠᠭ ᠬᠤᠭᠤᠴᠠᠭ᠎ᠠ ᠪᠠ ᠣᠷᠣᠨ ᠵᠠᠢ ᠶᠢᠨ ᠤᠬᠠᠭᠤᠯᠭ᠎ᠠ ᠬᠢᠬᠦ᠂ ᠪᠦᠬᠦᠨ ᠢ ᠬᠠᠮᠤᠷᠤᠨ | ᠠᠬᠢᠭᠤᠯᠬᠤ᠂ ᠪᠥᠬᠦ ᠬᠡᠯᠪᠡᠷᠢ ᠪᠠᠷ ᠥᠷᠨᠢᠭᠦᠯᠬᠦ ᠶᠢ ᠪᠠᠲᠤᠯᠠᠵᠤ᠂ ︽ᠮᠡᠬᠡᠯᠡᠬᠦ ᠵᠣᠷᠢᠭ ᠦᠭᠡᠢ᠂ ᠮᠡᠬᠡᠯᠡᠵᠦ ᠪᠣᠯᠬᠤ | ᠦᠭᠡᠢ᠂ ᠮᠡᠬᠡᠯᠡᠵᠦ ᠳᠡᠶᠢᠯᠬᠦ ᠦᠭᠡᠢ︾ ᠪᠣᠯᠭᠠᠬᠤ ᠬᠡᠷᠡᠭᠲᠡᠢ᠃ ᠨᠠᠰᠤᠵᠢᠯ ᠤᠨ ᠮᠡᠬᠡᠯᠡᠯ ᠤᠨ ᠶᠠᠯᠠᠲᠤ ᠠᠵᠢᠯᠯᠠᠭ᠎ᠠ ᠳᠤ | ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠪᠠᠶᠢᠩᠭᠤ ᠶᠢᠨ ᠲᠡᠮᠡᠴᠡᠯ ᠲᠠᠢ ᠤᠶᠠᠯᠳᠤᠭᠤᠯᠵᠤ᠂ ︽ᠯᠠᠪᠳᠠᠭᠤᠨ᠂ ᠣᠨᠣᠪᠴᠢᠲᠠᠢ᠂ ᠴᠢᠩᠭ᠎ᠠ︾ ᠪᠠᠶᠢᠬᠤ ᠱᠠᠭᠠᠷᠳᠠᠯᠭ᠎ᠠ | ᠶᠣᠰᠣᠭᠠᠷ᠂ ᠰᠠᠯᠠᠭ᠎ᠠ ᠮᠥᠴᠢᠷ ᠤᠨ ᠬᠤᠭᠤᠷᠣᠨᠳᠣᠬᠢ ᠵᠣᠯᠭᠠᠯᠴᠠᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠪᠣᠳᠠᠲᠤ | ᠬᠡᠷᠡᠭ ᠤᠨ ᠪᠣᠭᠤᠮᠲᠠ᠂ ᠭᠡᠷᠡᠴᠢ ᠪᠠᠷᠢᠮᠲᠠ ᠶᠢᠨ ᠪᠣᠭᠤᠮᠲᠠ᠂ ᠵᠢᠷᠤᠮ ᠤᠨ ᠪᠣᠭᠤᠮᠲᠠ ᠪᠠ ᠬᠠᠤᠯᠢ ᠴᠠᠭᠠᠵᠠ ᠶᠢ | ᠬᠡᠷᠡᠭᠯᠡᠬᠦ ᠪᠣᠭᠤᠮᠲᠠ ᠶᠢ ᠴᠢᠩᠭ᠎ᠠ ᠠᠳᠬᠤᠵᠤ᠂ ᠬᠡᠷᠡᠭ ᠪᠣᠯᠭᠠᠨ ᠢ ᠪᠠᠲᠤ ᠴᠢᠩᠭ᠎ᠠ ᠰᠢᠢᠳᠪᠦᠷᠢᠯᠡᠬᠦ ᠶᠢ ᠪᠠᠲᠤᠯᠠᠬᠤ | ᠬᠡᠷᠡᠭᠲᠡᠢ᠃ ᠭᠤᠣᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ ᠶᠣᠰᠣᠭᠠᠷ ᠪᠥᠬᠦ ᠬᠤᠲᠠ ᠶᠢᠨ ᠵᠥᠷᠢᠴᠡᠯ | ᠵᠢᠭᠤᠷᠠᠯᠳᠤᠭᠠᠨ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠠᠷᠢᠯᠭᠠᠬᠤ ᠶᠡᠭᠡ ᠪᠠᠷ ᠴᠡᠭᠴᠡᠯᠡᠨ ᠵᠠᠰᠠᠬᠤ | ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠲᠠᠢ ᠤᠶᠠᠯᠳᠤᠭᠤᠯᠤᠨ᠂ ᠠᠶᠤᠯ ᠲᠦᠭᠰᠢᠭᠦᠷᠢ ᠶᠢᠨ ᠳᠠᠯᠳᠠ ᠬᠡᠮ ᠤᠨ ᠡᠬᠡ | ᠲᠠᠩᠰᠠ ᠶᠢ ᠪᠠᠶᠢᠭᠤᠯᠵᠤ᠂ ᠲᠠᠰ ᠬᠤᠪᠢᠶᠠᠨ ᠲᠥᠷᠥᠯ ᠬᠤᠪᠢᠶᠠᠨ ᠰᠢᠢᠳᠪᠦᠷᠢᠯᠡᠬᠦ ᠶᠢ ᠴᠢᠩᠭᠠᠳᠬᠠᠨ᠂ ᠠᠵᠢᠯ | ᠲᠥᠷᠥᠯ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ | ᠬᠤᠷᠠᠯ ᠳᠡᠭᠡᠷ᠎ᠡ᠂ ᠡᠯ᠎ᠡ ᠬᠤᠯᠪᠣᠭᠳᠠᠯ ᠪᠦᠬᠦᠢ ᠨᠢᠭᠡᠴᠡ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠶᠢᠨ | ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠢᠯ ᠤᠨ | ᠲᠥᠰᠥᠯ ᠲᠣᠭᠲᠠᠭᠠᠵᠤ᠂ ᠲᠤᠰᠬᠠᠢ ᠠᠵᠢᠯᠯᠠᠭ᠎ᠠ ᠶᠢ ᠬᠦᠴᠦᠲᠡᠢ ᠪᠥᠭᠡᠳ ᠡᠮᠬᠢ ᠵᠢᠷᠤᠮ ᠲᠠᠢ ᠲᠦᠯᠬᠢᠨ ᠠᠬᠢᠭᠤᠯᠬᠤ | ᠬᠡᠷᠡᠭᠲᠡᠢ᠃ ᠠᠮᠤᠷ ᠲᠦᠪᠰᠢᠨ ᠤ ᠪᠠᠶᠢᠭᠤᠯᠤᠯᠲᠠ ᠶᠢᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ ᠨᠠᠷᠢᠯᠢᠭ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠬᠡᠷᠡᠭᠲᠡᠢ᠃ | ᠨᠠᠰᠤᠵᠢᠯ ᠤᠨ ᠠᠰᠠᠷᠠᠮᠵᠢ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠠᠯᠪᠠᠨ ᠭᠡᠷ ᠤᠨ | ᠠᠵᠢᠯ ᠤᠨ ᠲᠥᠯᠦᠪᠵᠢᠭᠦᠯᠭᠡ ᠶᠣᠰᠣᠭᠠᠷ᠂ ᠲᠤᠰᠬᠠᠢ ᠠᠩᠭᠢ ᠶᠢ ᠵᠣᠬᠢᠶᠠᠨ ᠪᠠᠶᠢᠭᠤᠯᠵᠤ ᠲᠥᠪᠯᠡᠷᠡᠭᠦᠯᠦᠨ | ᠠᠵᠢᠯᠯᠠᠭᠤᠯᠵᠤ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠲᠣᠰ ᠲᠣᠰ ᠤᠨ ᠬᠠᠷᠢᠭᠤᠴᠠᠯᠭ᠎ᠠ ᠪᠠᠨ | ᠭᠦᠢᠴᠡᠳᠬᠡᠵᠦ᠂ ᠬᠠᠮᠵᠢᠯᠴᠠᠨ ᠬᠠᠮᠵᠢᠯᠴᠠᠬᠤ ᠶᠢ ᠰᠠᠶᠢᠲᠤᠷ ᠬᠢᠵᠦ᠂ ᠪᠦᠬᠦᠯᠢ ᠴᠣᠭᠴᠠ ᠶᠢᠨ ᠶᠠᠰᠤ ᠴᠢᠨᠠᠷ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ | ᠲᠤᠰᠬᠠᠢ ᠠᠵᠢᠯᠯᠠᠭ᠎ᠠ ᠶᠢ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠬᠢᠨᠠᠨ ᠰᠢᠯᠭᠠᠯᠲᠠ ᠶᠢᠨ ᠴᠢᠬᠤᠯᠠ | ᠠᠭᠤᠯᠭ᠎ᠠ ᠳᠤ ᠣᠷᠣᠭᠤᠯᠵᠤ᠂ ᠲᠡᠮᠦᠷ ᠮᠡᠲᠦ ᠰᠠᠬᠢᠯᠭ᠎ᠠ ᠪᠠᠲᠤ᠂ ᠲᠡᠮᠦᠷ ᠮᠡᠲᠦ ᠬᠢᠨᠠᠨ ᠰᠢᠯᠭᠠᠯᠲᠠ᠂ ᠲᠡᠮᠦᠷ ᠮᠡᠲᠦ | ᠬᠠᠷᠢᠭᠤᠴᠠᠯᠭ᠎ᠠ ᠨᠡᠬᠡᠮᠵᠢᠯᠡᠬᠦ ᠪᠠᠷ ᠲᠤᠰᠬᠠᠢ ᠠᠵᠢᠯᠯᠠᠭ᠎ᠠ ᠶᠢᠨ ᠪᠣᠳᠠᠲᠠᠢ ᠶᠢ ᠡᠷᠬᠢᠮᠯᠡᠭᠰᠡᠨ ᠦᠷ᠎ᠡ ᠪᠦᠲᠦᠮᠵᠢ | ᠣᠯᠬᠤ ᠶᠢ ᠪᠠᠲᠤᠯᠠᠵᠤ᠂ ᠨᠠᠮ ᠪᠣᠯᠣᠨ ᠠᠷᠠᠳ ᠲᠦᠮᠡᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ | ᠲᠤᠰᠢᠶᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ | ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠳᠡᠭᠡᠷ᠎ᠡ ︽ᠡᠷᠢᠶᠡᠨ ᠬᠤᠲᠠ ᠶᠢᠨ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ | ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ︽ᠡᠷᠢᠶᠡᠨ ᠬᠤᠲᠠ ᠶᠢᠨ ᠨᠠᠰᠤᠵᠢᠯ ᠤᠨ ᠮᠡᠬᠡᠯᠡᠯ ᠳᠤ | ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠠᠯᠪᠠᠨ ᠭᠡᠷ ᠤᠨ ᠠᠵᠢᠯ ᠤᠨ ᠳᠦᠷᠢᠮ︾ ︽ | ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠥᠷᠨᠢᠭᠦᠯᠬᠦ ᠲᠤᠬᠠᠢ | ᠠᠯᠪᠠᠨ ᠵᠠᠷ︾ ᠢ ᠤᠯᠠᠮᠵᠢᠯᠠᠨ ᠰᠤᠷᠤᠯᠴᠠᠪᠠ᠃ | | | | | ᠡᠷᠢᠶᠡᠨ ᠬᠤᠲᠠ ᠶᠢᠨ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ | ᠥᠷᠨᠢᠭᠦᠯᠬᠦ ᠲᠤᠬᠠᠢ ᠠᠯᠪᠠᠨ ᠵᠠᠷ | | | ᠪᠥᠬᠦ ᠣᠷᠣᠨ ᠤ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ | ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ | ᠬᠠᠮᠠᠭᠠᠯᠠᠬᠤ ᠶᠢᠨ ᠲᠤᠰᠠᠳᠠ᠂ 4 ᠳ᠋ᠣᠭᠡᠷ ᠰᠠᠷ᠎ᠠ ᠶᠢᠨ ᠳᠤᠮᠳᠠᠴᠢ ᠠᠴᠠ 10 ᠳ᠋ᠤᠭᠠᠷ ᠰᠠᠷ᠎ᠠ ᠶᠢᠨ ᠳᠤᠮᠳᠠᠴᠢ ᠪᠣᠯᠲᠠᠯ᠎ᠠ | ᠂ ᠪᠥᠬᠦ ᠬᠤᠲᠠ ᠶᠢᠨ ᠬᠡᠪᠴᠢᠶᠡᠨ ᠳᠤ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠬᠠᠭᠠᠰ | ᠵᠢᠯ ᠤᠨ ᠬᠤᠭᠤᠴᠠᠭ᠎ᠠ ᠲᠠᠢ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠨᠠᠰᠤᠲᠠᠶᠢᠴᠤᠳ ᠤᠨ ᠬᠠᠤᠯᠢ ᠶᠣᠰᠣᠨ ᠤ | ᠡᠷᠬᠡ ᠠᠰᠢᠭ ᠲᠤ ᠬᠠᠯᠳᠠᠭᠰᠠᠨ ᠮᠡᠬᠡᠯᠡᠯ ᠳᠤ ᠬᠤᠯᠪᠣᠭᠳᠠᠭᠰᠠᠨ ᠦᠵᠡᠭᠳᠡᠯ ᠢ ᠵᠠᠰᠠᠨ᠎ᠠ᠃ ᠣᠯᠠᠨ ᠲᠦᠮᠡᠨ ᠤ | ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠥᠷᠭᠡᠨ ᠢᠶᠠᠷ ᠭᠥᠯᠢᠶᠡᠨ ᠠᠪᠴᠤ᠂ ᠨᠠᠰᠤᠵᠢᠯ ᠤᠨ ᠠᠰᠠᠷᠠᠮᠵᠢ ᠶᠢᠨ | ᠨᠡᠷ᠎ᠡ ᠪᠠᠷ ᠮᠡᠬᠡᠯᠡᠬᠦ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠳᠣᠯᠠᠳᠠ᠂ | ᠡᠷᠢᠶᠡᠨ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ | ᠠᠵᠢᠯᠯᠠᠭ᠎ᠠ ᠶᠢᠨ ᠠᠯᠪᠠᠨ ᠭᠡᠷ ᠠᠴᠠ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ ᠢᠶᠠᠨ ᠨᠡᠶᠢᠭᠡᠮ ᠨᠡᠶᠢᠲᠡ ᠳᠤ ᠨᠡᠶᠢᠲᠡᠯᠡᠪᠡ᠃ | ᠢᠯᠡᠴᠢᠯᠡᠨ ᠮᠡᠳᠡᠭᠦᠯᠦᠭᠴᠢ ᠦᠨᠡᠨ ᠠᠴᠠ ᠵᠥᠪ ᠢ ᠡᠷᠢᠬᠦ ᠵᠠᠷᠴᠢᠮ ᠢᠶᠠᠷ ᠠᠰᠠᠭᠤᠳᠠᠯ ᠢ ᠦᠨᠡᠨ ᠮᠥᠨ ᠢᠶᠠᠷ ᠨᠢ | ᠲᠤᠰᠬᠠᠬᠤ ᠬᠡᠷᠡᠭᠲᠡᠢ᠂ ᠢᠯᠡᠴᠢᠯᠡᠨ ᠮᠡᠳᠡᠭᠦᠯᠦᠯᠲᠡ ᠶᠢ ᠠᠰᠢᠭᠯᠠᠨ ᠬᠡᠷᠡᠭ ᠤᠴᠢᠷ ᠵᠣᠬᠢᠶᠠᠵᠤ᠂ ᠭᠦᠳᠬᠡᠨ | ᠭᠦᠵᠢᠷᠯᠡᠭᠰᠡᠨ ᠪᠠᠶᠢᠪᠠᠯ᠂ ᠵᠣᠬᠢᠬᠤ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠨ᠎ᠡ᠃ | ᠡᠷᠢᠶᠡᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ᠄ | ᠢᠯᠡᠴᠢᠯᠡᠨ ᠮᠡᠳᠡᠭᠦᠯᠬᠦ ᠤᠲᠠᠰᠤ᠄ 0479 ︱ 7527110 ︵ᠭᠥᠯᠢᠶᠡᠨ ᠠᠪᠴᠤ ᠰᠢᠢᠳᠪᠦᠷᠢᠯᠡᠬᠦ ᠴᠠᠭ᠄ | ᠠᠵᠢᠯᠯᠠᠬᠤ ᠡᠳᠦᠷ︶ | ᠢᠯᠡᠴᠢᠯᠡᠨ ᠮᠡᠳᠡᠭᠦᠯᠬᠦ ᠰᠢᠤᠳᠠᠨ ᠤ ᠬᠠᠶ᠋ᠢᠭ᠄ ᠡᠷᠢᠶᠡᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠡᠷᠡᠭᠦᠦ ᠶᠢᠨ ᠴᠠᠭᠳᠠᠭ᠎ᠠ ᠶᠢᠨ ᠶᠡᠭᠡ ᠠᠩᠭᠢ ᠶᠢᠨ ᠰᠢᠤᠳᠠᠨ ᠳ᠋ᠤᠭᠠᠷ᠄ 011100 | | ᠡᠷᠢᠶᠡᠨ ᠬᠤᠲᠠ ᠶᠢᠨ ᠨᠠᠮ ᠤᠨ ᠬᠤᠷᠢᠶ᠎ᠠ ᠶᠢᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠄ | ᠢᠯᠡᠴᠢᠯᠡᠨ ᠮᠡᠳᠡᠭᠦᠯᠬᠦ ᠤᠲᠠᠰᠤ᠄ 0479 ︱ 7537666 ︵ᠭᠥᠯᠢᠶᠡᠨ ᠠᠪᠴᠤ ᠰᠢᠢᠳᠪᠦᠷᠢᠯᠡᠬᠦ ᠴᠠᠭ᠄ | ᠠᠵᠢᠯᠯᠠᠬᠤ ᠡᠳᠦᠷ︶ | | ᠡᠷᠢᠶᠡᠨ ᠬᠤᠲᠠ ᠶᠢᠨ ᠠᠷᠠᠳ ᠤᠨ ᠰᠢᠭᠦᠬᠦ ᠬᠤᠷᠢᠶ᠎ᠠ ᠳᠤ᠄ | ᠢᠯᠡᠴᠢᠯᠡᠨ ᠮᠡᠳᠡᠭᠦᠯᠬᠦ ᠤᠲᠠᠰᠤ᠄ 0479 ︱ 7521406 ︵ᠭᠥᠯᠢᠶᠡᠨ ᠠᠪᠴᠤ ᠰᠢᠢᠳᠪᠦᠷᠢᠯᠡᠬᠦ ᠴᠠᠭ᠄ | ᠠᠵᠢᠯᠯᠠᠬᠤ ᠡᠳᠦᠷ︶ | | ᠡᠷᠢᠶᠡᠨ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠳᠤ᠄ | ᠢᠯᠡᠴᠢᠯᠡᠨ ᠮᠡᠳᠡᠭᠦᠯᠬᠦ ᠤᠲᠠᠰᠤ᠄ 0479 ︱ 12309 ︵ᠭᠥᠯᠢᠶᠡᠨ ᠠᠪᠴᠤ ᠰᠢᠢᠳᠪᠦᠷᠢᠯᠡᠬᠦ ᠴᠠᠭ᠄ | ᠠᠵᠢᠯᠯᠠᠬᠤ ᠡᠳᠦᠷ︶ | | ᠡᠷᠢᠶᠡᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠳᠤ᠄ | ᠢᠯᠡᠴᠢᠯᠡᠨ ᠮᠡᠳᠡᠭᠦᠯᠬᠦ ᠤᠲᠠᠰᠤ᠄ 0479 ︱ 7523502 ︵ᠭᠥᠯᠢᠶᠡᠨ ᠠᠪᠴᠤ ᠰᠢᠢᠳᠪᠦᠷᠢᠯᠡᠬᠦ ᠴᠠᠭ᠄ | ᠠᠵᠢᠯᠯᠠᠬᠤ ᠡᠳᠦᠷ︶ | | ᠡᠷᠢᠶᠡᠨ ᠬᠤᠲᠠ ᠶᠢᠨ ᠮᠥᠩᠭᠦᠨ ᠭᠦᠢᠯᠭᠡᠭᠡᠨ ᠤ ᠠᠯᠪᠠᠨ ᠭᠡᠷ᠄ | ᠢᠯᠡᠴᠢᠯᠡᠨ ᠮᠡᠳᠡᠭᠦᠯᠬᠦ ᠤᠲᠠᠰᠤ᠄ 0479 ︱ 7521805 ︵ᠭᠥᠯᠢᠶᠡᠨ ᠠᠪᠴᠤ ᠰᠢᠢᠳᠪᠦᠷᠢᠯᠡᠬᠦ ᠴᠠᠭ᠄ | ᠠᠵᠢᠯᠯᠠᠬᠤ ᠡᠳᠦᠷ︶ | | ᠡᠷᠢᠶᠡᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ᠄ | ᠢᠯᠡᠴᠢᠯᠡᠨ ᠮᠡᠳᠡᠭᠦᠯᠬᠦ ᠤᠲᠠᠰᠤ᠄ 0479 ︱ 7533315 ︵ᠭᠥᠯᠢᠶᠡᠨ ᠠᠪᠴᠤ ᠰᠢᠢᠳᠪᠦᠷᠢᠯᠡᠬᠦ ᠴᠠᠭ᠄ | ᠠᠵᠢᠯᠯᠠᠬᠤ ᠡᠳᠦᠷ︶ | | ᠡᠷᠢᠶᠡᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ | ᠄ | ᠢᠯᠡᠴᠢᠯᠡᠨ ᠮᠡᠳᠡᠭᠦᠯᠬᠦ ᠤᠲᠠᠰᠤ᠄ 0479 ︱ 7532700 ︵ᠭᠥᠯᠢᠶᠡᠨ ᠠᠪᠴᠤ ᠰᠢᠢᠳᠪᠦᠷᠢᠯᠡᠬᠦ ᠴᠠᠭ᠄ | ᠠᠵᠢᠯᠯᠠᠬᠤ ᠡᠳᠦᠷ︶ | | ᠡᠷᠢᠶᠡᠨ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠳᠤ᠄ | ᠢᠯᠡᠴᠢᠯᠡᠨ ᠮᠡᠳᠡᠭᠦᠯᠬᠦ ᠤᠲᠠᠰᠤ᠄ 0479 ︱ 7528121 ︵ᠭᠥᠯᠢᠶᠡᠨ ᠠᠪᠴᠤ ᠰᠢᠢᠳᠪᠦᠷᠢᠯᠡᠬᠦ ᠴᠠᠭ᠄ | ᠠᠵᠢᠯᠯᠠᠬᠤ ᠡᠳᠦᠷ︶ | | ᠡᠷᠢᠶᠡᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ᠄ | ᠢᠯᠡᠴᠢᠯᠡᠨ ᠮᠡᠳᠡᠭᠦᠯᠬᠦ ᠤᠲᠠᠰᠤ᠄ 0479 ︱ 7521333 ︵ᠭᠥᠯᠢᠶᠡᠨ ᠠᠪᠴᠤ ᠰᠢᠢᠳᠪᠦᠷᠢᠯᠡᠬᠦ ᠴᠠᠭ᠄ | ᠠᠵᠢᠯᠯᠠᠬᠤ ᠡᠳᠦᠷ︶ | | ᠡᠷᠢᠶᠡᠨ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ᠄ | ᠢᠯᠡᠴᠢᠯᠡᠨ ᠮᠡᠳᠡᠭᠦᠯᠬᠦ ᠤᠲᠠᠰᠤ᠄ 0479 ︱ 7521848 ︵ᠭᠥᠯᠢᠶᠡᠨ ᠠᠪᠴᠤ ᠰᠢᠢᠳᠪᠦᠷᠢᠯᠡᠬᠦ ᠴᠠᠭ᠄ | ᠠᠵᠢᠯᠯᠠᠬᠤ ᠡᠳᠦᠷ︶ | |