ᠠᠷᠪᠠᠨ ᠳᠥᠷᠪᠡᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠨᠢᠭᠡᠳᠦᠭᠡᠷ ᠡᠭᠡᠯᠵᠢ ᠶᠢᠨ ᠳᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/5/6
    ᠨᠠᠮ ᠤᠨ ᠲᠥᠪ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠠᠵᠢᠯ ᠤᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠳᠣᠯᠠᠳᠠ᠂ 5 ᠳ᠋ᠤᠭᠠᠷ ᠰᠠᠷ᠎ᠠ ᠶᠢᠨ 5 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶ᠎ᠠ ᠶᠢᠨ ᠠᠩᠬᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠬᠤᠲᠠ   ᠶᠢᠨ ᠨᠠᠮ ᠤᠨ ᠬᠤᠷᠢᠶᠠᠨ ᠤ ᠪᠠᠶᠢᠩᠭᠤ   ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂  ᠳᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠾᠧᠦ ᠶᠠᠨ ᠮᠢᠨ᠂ ᠬᠤᠲᠠ   ᠶᠢᠨ ᠨᠠᠮ ᠤᠨ ᠬᠤᠷᠢᠶᠠᠨ ᠤ ᠪᠠᠶᠢᠩᠭᠤ   ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠳᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠭᠧᠩ ᡁᠢ ᠵᠢᠶᠦ᠋ᠨ ᠬᠤᠷᠠᠯ ᠳᠤ ᠣᠷᠣᠯᠴᠠᠭᠰᠠᠨ ᠪᠥᠭᠡᠳ ᠳᠠᠶᠢᠴᠢᠯᠠᠯᠲᠠ   ᠶᠢᠨ ᠶᠠᠷᠢᠶ᠎ᠠ ᠲᠠᠯᠪᠢᠵᠠᠢ᠃
  ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠲᠥᠪ ᠬᠤᠷᠢᠶᠠᠨ ᠤ ᠨᠠᠢᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ︽ᠳᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠬᠤᠳᠠ ᠶᠢᠨ ᠨᠠᠮ ᠤᠨ ᠬᠤᠷᠢᠶᠠᠨ ᠤ ᠳᠣᠭᠤᠷᠢᠨ ᠪᠠᠶᠢᠴᠠᠭᠠᠬᠤ ᠠᠵᠢᠯ ᠳᠤ ᠬᠠᠮᠵᠢᠯᠴᠠᠬᠤ ᠲᠣᠭᠲᠠᠭᠠᠯ︾  ᠢ ᠰᠤᠷᠤᠯᠴᠠᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠬᠤᠳᠠ ᠶᠢᠨ ᠨᠠᠮ ᠤᠨ ᠬᠤᠷᠢᠶᠠᠨ ᠤ ᠠᠩᠬᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠭᠴᠢ ᠶᠢᠨ ᠲᠤᠰᠢᠶᠠᠯ ᠡᠭᠦᠷᠭᠡᠯᠡᠬᠦ ᠵᠢᠴᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠤᠬᠠᠢ ᠲᠣᠭᠲᠠᠭᠠᠯ ᠢ ᠨᠡᠶᠢᠲᠡᠯᠡᠪᠡ᠃     ᠬᠤᠷᠠᠯ ᠠᠴᠠ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳᠬᠡᠬᠦ ᠶᠢᠨ ᠰᠢᠭᠤᠳ ᠭᠠᠷᠳᠠᠴᠠ ᠪᠣᠯᠭᠠᠵᠤ᠂ ᠡᠩ ᠤᠨ ᠲᠣᠭᠤᠷᠢᠨ ᠪᠠᠶᠢᠴᠠᠭᠠᠬᠤ᠂ ᠲᠤᠰᠬᠠᠢ ᠲᠦᠷᠦᠯ ᠤᠨ ᠲᠣᠭᠤᠷᠢᠨ ᠪᠠᠶᠢᠴᠠᠭᠠᠬᠤ᠂ ᠲᠣᠭᠤᠷᠢᠨ ᠪᠠᠶᠢᠴᠠᠭᠠᠬᠤ ︽ᠡᠷᠬᠢᠨ ᠬᠠᠷᠠᠬᠤ︾ ᠵᠡᠷᠭᠡ ᠠᠷᠭ᠎ᠠ ᠬᠡᠯᠪᠡᠷᠢ ᠶᠢ ᠨᠢᠭᠡᠳᠦᠯᠲᠡᠢ ᠲᠥᠯᠥᠪᠵᠢᠭᠦᠯᠦᠨ ᠬᠡᠷᠡᠭᠯᠡᠵᠦ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠪᠠ ᠪᠤᠰᠤᠳ ᠬᠢᠨᠠᠯᠲᠠ ᠲᠠᠯᠪᠢᠬᠤ ᠶᠢ ᠬᠠᠷᠢᠯᠴᠠᠨ ᠠᠭᠤᠰᠤᠯᠴᠠᠭᠤᠯᠬᠤ ᠶᠢ ᠢᠳᠡᠪᠬᠢᠲᠡᠢ ᠠᠬᠢᠭᠤᠯᠵᠤ᠂ ᠡᠩᠨᠡᠭᠡᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠳᠤ ᠬᠦᠴᠦᠲᠡᠢ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢᠨ ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠢ︔ ᠳᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠭᠤᠣᠯᠳᠠᠯᠭ᠎ᠠ ᠶᠢ ᠣᠨᠣᠪᠴᠢᠲᠠᠢ ᠡᠵᠡᠮᠳᠡᠵᠦ᠂ ︽ᠭᠤᠷᠪᠠᠨ ᠠᠩᠬᠠᠷᠤᠯ︾ ᠤᠨ ᠲᠣᠭᠤᠷᠢᠨ ᠳᠤ ᠳᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠤᠯᠤᠰ ᠲᠦᠷᠦ ᠶᠢᠨ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠢ︔ ᠲᠣᠪᠣᠶᠢᠮ᠎ᠠ ᠠᠰᠠᠭᠤᠳᠠᠯ ᠢ ᠤᠨᠢᠨ ᠳᠡᠭᠡᠷ᠎ᠡ ᠨᠢ ᠢᠯᠡᠷᠡᠭᠦᠯᠵᠦ᠂ ᠴᠢᠩᠭ᠎ᠠ ᠬᠦᠴᠦᠲᠡᠢ ᠤᠯᠤᠰ ᠲᠦᠷᠦ ᠶᠢᠨ ᠬᠢᠨᠠᠯᠲᠠ ᠪᠠᠷ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃     ᠣᠶᠢᠯᠠᠭᠠᠭᠰᠠᠨ ᠢᠶᠠᠷ᠂ ᠲᠣᠰ ᠡᠭᠡᠯᠵᠢ ᠶᠢᠨ ᠳᠣᠭᠤᠷᠢᠨ ᠪᠠᠶᠢᠴᠠᠭᠠᠯᠲᠠ 5 ᠰᠠᠷ᠎ᠠ ᠶᠢᠨ 5 ᠤ ᠡᠳᠦᠷ ᠠᠴᠠ ᠡᠬᠢᠯᠡᠨ 6 ᠰᠠᠷ᠎ᠠ ᠶᠢᠨ 30 ᠤ ᠡᠳᠦᠷ ᠳᠠᠭᠤᠰᠤᠨ᠎ᠠ᠂ ᠬᠤᠲᠠ ᠶᠢᠨ ᠪᠠᠶᠢᠴᠠᠭᠠᠬᠤ ᠬᠤᠷᠢᠶ᠎ᠠ᠂ ᠬᠠᠤᠯᠢ ᠪᠠᠷᠢᠬᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠪᠠ ᠤᠰᠤᠨ ᠤ ᠶᠠᠪᠤᠳᠠᠯ ᠤᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠬᠤᠷᠢᠶ᠎ᠠ᠂ ᠠᠮᠢ ᠠᠬᠤᠢ ᠶᠢᠨ ᠣᠷᠴᠢᠨ ᠨᠥᠬᠦᠴᠡᠯ ᠤᠨ ᠬᠤᠪᠢᠶᠠᠷᠢ ᠲᠣᠪᠴᠢᠶ᠎ᠠ ᠳᠤ ᠪᠠᠶᠢᠩᠭᠤ ᠶᠢᠨ  ᠳᠣᠭᠤᠷᠢᠨ ᠪᠠᠶᠢᠴᠠᠭᠠᠯᠲᠠ ᠬᠢᠵᠦ᠂ ᠤᠯᠤᠰ ᠲᠥᠷᠥ ᠶᠢᠨ ᠬᠢᠨᠠᠯᠲᠠ ᠲᠠᠯᠪᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号