ᠨᠢᠭᠡᠳᠦᠭᠡᠷ ᠤᠯᠠᠷᠢᠯ ᠳᠤ ᠡᠷᠢᠶᠡᠨ ᠪᠣᠭᠤᠮᠲᠠ  ᠪᠠᠷ ᠦᠩᠭᠡᠷᠡᠭᠰᠡᠨ ᠳᠤᠮᠳᠠᠳᠤ ᠡᠸᠦ᠋ᠷᠦᠫᠡ ᠶᠢᠨ  ᠡᠭᠡᠯᠵᠢ ᠶᠢᠨ ᠭᠠᠯᠲᠤ ᠲᠡᠷᠭᠡ  ᠲᠤᠠᠠᠳᠠᠭᠤᠨ ᠤ ᠲᠤᠮᠳᠠ ᠨᠡᠮᠡᠭᠳᠡᠭᠰᠡᠨ
ᠨᠡᠶᠢᠲᠡᠯᠡᠭᠰᠡᠨ ᠴᠠᠭ᠄
2022/5/7
ᠡᠷᠢᠶᠡᠨ  ᠬᠤᠳᠠ   ᠶᠢᠨ  ᠶᠡᠷᠦᠩᠬᠡᠶᠢᠯᠬᠠᠰᠡᠨ ᠷᠠᠳᠢᠣ᠋ ᠶᠢᠨ  ᠰᠤᠷᠪᠤᠯᠵᠢᠯᠠᠭᠴᠢ  ᠪᠦᠷᠢᠩᠭᠤᠸ᠎ᠠ   ᠶᠢᠨ  ᠮᠡᠳᠡᠭᠡᠯᠡᠭᠰᠡᠨ  ᠢᠶᠠᠷ᠄ᠨᠢᠭᠡᠳᠦᠭᠡᠷ ᠤᠯᠠᠷᠢᠯ ᠳᠤ ᠡᠷᠢᠶᠡᠨ ᠪᠣᠭᠤᠮᠲᠠ  ᠪᠠᠷ ᠦᠩᠭᠡᠷᠡᠭᠰᠡᠨ ᠳᠤᠮᠳᠠᠳᠤ ᠡᠸᠦ᠋ᠷᠦᠫᠡ ᠶᠢᠨ  ᠡᠭᠡᠯᠵᠢ ᠶᠢᠨ ᠭᠠᠯᠲᠤ ᠲᠡᠷᠭᠡ   ᠲᠤᠠᠠᠳᠠᠭᠤᠨ ᠤ ᠲᠤᠮᠳᠠ ᠨᠡᠮᠡᠭᠳᠡᠭᠰᠡᠨ          ᠡᠨᠡ ᠵᠢᠯ ᠤᠨ ᠨᠢᠭᠡᠳᠦᠭᠡᠷ ᠤᠯᠠᠷᠢᠯ ᠳᠤ᠂ ᠡᠷᠢᠶᠡᠨ ᠪᠣᠭᠤᠮᠲᠠ ᠪᠠᠷ  ᠦᠩᠭᠡᠷᠡᠭᠰᠡᠨ ᠳᠤᠮᠳᠠᠳᠤ ᠡᠸᠦ᠋ᠷᠦᠫᠡ ᠶᠢᠨ  ᠡᠭᠡᠯᠵᠢ ᠶᠢᠨ ᠭᠠᠯᠲᠤ ᠲᠡᠷᠭᠡ  734 ᠴᠤᠪᠤᠭ᠎ᠠ  ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ  ᠠᠴᠠ  25.7%   ᠪᠠᠷ  ᠨᠡᠮᠡᠭᠳᠡᠭᠰᠡᠨ ᠪᠠᠶᠢᠨ᠎ᠠ᠃          ᠡᠷᠢᠶᠡᠨ ᠲᠡᠮᠦᠷ ᠵᠠᠮ ᠤᠨ ᠪᠣᠭᠤᠮᠲᠠ ᠪᠣᠯ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠭᠢᠯ ᠤᠨ ᠴᠢᠬᠤᠯᠠ ᠬᠢᠯᠢ ᠶᠢᠨ ᠪᠣᠭᠤᠮᠲᠠ ᠪᠣᠯᠬᠤ ᠪᠥᠭᠡᠳ ᠳᠤᠮᠳᠠᠳᠤ ᠡᠸᠦ᠋ᠷᠦᠫᠡ ᠶᠢᠨ  ᠡᠭᠡᠯᠵᠢ ᠶᠢᠨ ᠭᠠᠯᠲᠤ  ᠲᠡᠷᠭᠡᠨ ᠤ  ᠵᠠᠩᠭᠢᠯᠠᠭ᠎ᠠ ᠶᠢᠨ ᠴᠡᠭ ᠪᠣᠯᠣᠨ᠎ᠠ᠃ ᠣᠳᠣᠬᠠᠨ ᠳᠤ᠂ ᠲᠣᠰ ᠪᠣᠭᠤᠮᠲᠠ ᠪᠠᠷ ᠦᠩᠭᠡᠷᠡᠬᠦ ᠳᠤᠮᠳᠠᠳᠤ ᠡᠸᠦ᠋ᠷᠦᠫᠡ ᠶᠢᠨ  ᠡᠭᠡᠯᠵᠢ ᠶᠢᠨ  ᠭᠠᠯᠳᠦ ᠲᠡᠷᠭᠡᠨ ᠤ  ᠵᠠᠮ  ᠱᠤᠭᠤᠮ ᠨᠢᠭᠡᠨᠲᠡ  57  ᠵᠤᠷᠪᠤᠰ ᠪᠣᠯᠵᠤ  ᠂  ᠪᠥᠬᠦ ᠤᠯᠤᠰ ᠤᠨ ᠳᠤᠮᠳᠠᠳᠤ ᠡᠸᠦ᠋ᠷᠦᠫᠡ ᠶᠢᠨ  ᠡᠭᠡᠯᠵᠢ ᠶᠢᠨ  ᠭᠠᠯᠳᠦ   ᠲᠡᠷᠭᠡ ᠨᠡᠪᠳᠡᠷᠡᠬᠦ ᠶᠡᠬᠡᠩᠬᠢ ᠬᠤᠲᠠ ᠶᠢ ᠨᠥᠯᠥᠭᠡᠯᠡᠭᠰᠡᠨ ᠪᠠᠶᠢᠨ᠎ᠠ᠃       4 ᠰᠠᠷ᠎ᠠ   ᠶᠢᠨ 17 ᠤ ᠡᠳᠦᠷ ᠪᠣᠯᠲᠠᠯ᠎ᠠ᠂ ᠡᠨᠡ ᠵᠢᠯ ᠤᠨ ᠡᠷᠢᠶᠡᠨ ᠲᠡᠮᠦᠷ ᠵᠠᠮ ᠤᠨ ᠪᠣᠭᠤᠮᠲᠠ ᠪᠠᠷ  ᠦᠩᠭᠡᠷᠡᠭᠰᠡᠨ ᠳᠤᠮᠳᠠᠳᠤ ᠡᠸᠦ᠋ᠷᠦᠫᠡ   ᠶᠢᠨ  ᠡᠭᠡᠯᠵᠢ ᠶᠢᠨ  ᠭᠠᠯᠳᠦ ᠲᠡᠷᠭᠡ 863  ᠴᠤᠪᠤᠭ᠎ᠠ ᠂  89536   ᠴᠡᠩᠭᠡᠯᠢᠭ ᠲᠤ ᠬᠦᠷᠴᠦ᠂ ᠭᠠᠳᠠᠭᠠᠳᠤ   ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠡᠭᠡᠭᠡᠪᠦᠷᠢ   ᠶᠢᠨ ᠬᠡᠮᠵᠢᠶ᠎ᠡ  310.58  ᠲᠦᠮᠡᠨ ᠲᠣᠨ ᠳᠤ ᠬᠦᠷᠴᠦ᠂  ᠣᠯᠠᠨ ᠤᠯᠤᠰ ᠤᠨ ᠠᠵᠤ ᠦᠢᠯᠡᠰ ᠤᠨ  ᠬᠡᠯᠬᠢᠶᠡᠵᠢᠯ ᠪᠣᠯᠣᠨ ᠬᠠᠩᠭᠠᠯᠭ᠎ᠠ   ᠶᠢᠨ ᠬᠡᠯᠬᠢᠶᠡᠵᠢᠯ   ᠤᠨ ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ   ᠶᠢ ᠪᠠᠲᠤᠯᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠢ᠃
 
ᠢᠷᠡᠯᠲᠡ᠄ ᠬᠠᠮ ᠵᠢᠭᠤᠴᠢᠯᠠᠭᠤᠷ ᠤᠨ ᠶᠠᠷᠦᠩᠬᠡᠶᠢᠯᠡᠭᠰᠡᠨ ᠷᠠᠳᠢᠤ᠋
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号