| | 5 ᠰᠠᠷ᠎ᠠ ᠶᠢᠨ 7 ᠤ ᠡᠳᠦᠷ᠂ ︽ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ | ᠭᠦᠨᠵᠡᠭᠡᠢ ᠤᠬᠠᠭᠤᠯᠤᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ︾ ᠪᠠᠷ ᠭᠤᠣᠯ ᠰᠡᠳᠦᠪ ᠪᠣᠯᠭᠠᠭᠰᠠᠨ 2022 ᠣᠨ ᠤ ︽ᠦᠨᠳᠦᠰᠦᠲᠡᠨ ᠤ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠂ ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ | ᠲᠥᠪᠯᠡᠷᠡᠩᠭᠦᠢ ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠪᠠ᠃ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠤᠯᠠᠭᠠᠨ᠂ ᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠺᠠᠢ ᠳ᠋ᠦᠩ᠂ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠦᠸᠧ ᠫᠢᠩ ᠸᠠᠩ ᠡᠬᠢᠯᠡᠯᠲᠡ ᠶᠢᠨ | ᠶᠣᠰᠣᠯᠠᠯ ᠳᠤ ᠣᠷᠣᠯᠴᠠᠪᠠ᠃ | | | ᠤᠯᠠᠭᠠᠨ ᠶᠠᠷᠢᠶ᠎ᠠ ᠳᠠᠯᠪᠢᠬᠤ ᠳᠤ ᠪᠠᠨ᠂ ᠡᠯ᠎ᠡ ᠬᠠᠮᠢᠶ᠎ᠠ ᠪᠦᠬᠦᠢ ᠨᠢᠭᠡᠴᠡ ᠶᠢᠨ ᠬᠢᠨ ︽ᠬᠤᠶᠠᠷ ᠶᠡᠭᠡ ᠲᠠᠯ᠎ᠠ | ︾ ᠳᠤ ᠵᠣᠭᠰᠣᠵᠤ᠂ ︽ᠤᠯᠤᠰ ᠶᠠᠭᠤᠨ ᠠᠴᠠ ᠡᠷᠬᠢᠮ︾ ᠢ ᠪᠠᠲᠤ ᠴᠡᠭᠡᠵᠢᠯᠡᠵᠦ᠂ ᠤᠯᠤᠰ ᠲᠥᠷᠥ ᠶᠢᠨ | ᠤᠬᠠᠮᠰᠠᠷ ᠢᠶᠠᠨ ᠴᠢᠩᠭᠠᠳᠬᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠢ ᠪᠠᠲᠤ ᠪᠠᠬᠢ ᠪᠤᠢ ᠪᠣᠯᠭᠠᠬᠤ ᠲᠠᠢ | ᠨᠢᠭᠲᠠ ᠤᠶᠠᠯᠳᠤᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠬᠠᠮᠠᠭᠠᠯᠠᠵᠤ᠂ ︽ | ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ ᠨᠠᠮ ᠤᠨ ᠦᠨᠳᠦᠰᠦᠲᠡᠨ ᠤ ᠤᠨᠤᠯ ᠪᠠ ᠦᠨᠳᠦᠰᠦᠲᠡᠨ ᠤ | ᠲᠦᠷᠦ ᠶᠢᠨ ᠪᠣᠳᠣᠯᠭ᠎ᠠ ᠶᠢ ᠪᠦᠷᠢᠨ ᠪᠦᠲᠦᠨ ᠣᠨᠣᠪᠴᠢᠲᠠᠶ ᠪᠦᠬᠦ ᠲᠠᠯ᠎ᠠ ᠪᠠᠷ ᠳᠣᠣᠱᠯᠠᠭᠤᠯᠵᠦ᠂ ᠵᠢᠷᠭᠠᠯ | ᠵᠣᠪᠠᠯᠠᠩ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ | ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠬᠤ ᠬᠡᠷᠡᠭᠲᠡᠢ᠃ ᠲᠥᠪ ᠴᠢᠬᠡᠴᠢ | ᠰᠢᠨ᠎ᠡ ᠶᠢ ᠡᠭᠦᠳᠬᠦ ᠶᠢ ᠴᠢᠬᠤᠯᠠᠴᠢᠯᠠᠵᠤ᠂ ᠠᠵᠢᠯ ᠤᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠴᠢᠩᠭ᠎ᠠ | ᠠᠳᠬᠤᠨ ᠪᠣᠳᠠᠲᠠᠢ ᠠᠳᠬᠤᠵᠤ᠂ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ᠂ ᠤᠬᠠᠭᠤᠯᠭ᠎ᠠ ᠶᠢᠨ ᠬᠦᠷᠢᠶ᠎ᠡ ᠶᠢ | ᠤᠷᠲᠤᠳᠬᠠᠬᠤ ᠳᠡᠭᠡᠷ᠎ᠡ ᠬᠦᠴᠦ ᠲᠠᠯᠪᠢᠵᠤ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ ᠶᠢᠨ | ᠤᠬᠠᠭᠤᠯᠭ᠎ᠠ ᠬᠥᠮᠦᠵᠢᠯ ᠤᠨ ᠤᠯᠠᠨ ᠬᠠᠷᠠᠭᠠᠰᠤ᠂ ᠪᠦᠬᠦ ᠲᠠᠯ᠎ᠠ ᠪᠠᠷ᠂ ᠪᠦᠬᠦᠨ ᠢ ᠪᠦᠷᠬᠦᠬᠦᠯᠬᠦ᠂ ᠪᠠᠶᠢᠩᠭᠤᠵᠢᠭᠤᠯᠬᠤ | ᠂ ᠪᠦᠬᠦ ᠠᠵᠢᠯᠳᠠᠨᠵᠢᠭᠤᠯᠬᠤ ᠶᠢ ᠪᠦᠲᠦᠮᠵᠢᠲᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠠᠵᠢᠯ ᠤᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠳᠤ ᠰᠠᠭᠤᠷᠢᠯᠠᠨ᠂ | ᠠᠵᠢᠯ ᠲᠥᠷᠥᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠪᠣᠳᠠᠲᠠᠢ ᠠᠷᠭ᠎ᠠ ᠬᠡᠮᠵᠢᠶ᠎ᠡ ᠶᠢ ᠪᠣᠳᠠᠲᠠᠢ ᠪᠠᠷ ᠠᠳᠬᠤᠨ᠂ | ᠳᠡᠭᠡᠳᠦ ᠳᠣᠣᠷᠠᠳᠤ ᠱᠠᠲᠤ ᠶᠢ ᠬᠤᠯᠪᠣᠭᠰᠠᠨ᠂ ᠬᠥᠨᠳᠡᠯᠡᠨ ᠢᠶᠠᠷ ᠬᠤᠯᠪᠣᠯᠳᠤᠭᠰᠠᠨ ᠨᠠᠮ ᠤᠨ ᠦᠨᠳᠦᠰᠦᠲᠡᠨ ᠤ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠪᠠᠶᠢᠷᠢᠰᠢᠯ ᠢ ᠲᠠᠰᠤᠷᠠᠯᠲᠠ ᠦᠭᠡᠢ ᠪᠣᠶ ᠪᠣᠯᠭᠠᠵᠤ᠂ ᠨᠠᠮ ᠤᠨ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠡᠷᠦᠬᠡ ᠳᠤ ᠣᠷᠣᠭᠤᠯᠬᠤ᠂ ᠲᠠᠷᠢᠬᠢᠨ ᠳᠤ ᠣᠷᠣᠭᠤᠯᠬᠤ᠂ | ᠰᠡᠳᠬᠢᠯ ᠳᠤ ᠬᠠᠳᠠᠩᠰᠢᠭᠤᠯᠬᠤ ᠶᠢ ᠲᠦᠯᠬᠢᠨ ᠠᠬᠢᠭᠤᠯᠵᠤ᠂ ᠪᠥᠬᠦ ᠬᠤᠲᠠ ᠶᠢᠨ ᠦᠨᠳᠦᠰᠦᠲᠡᠨ ᠤ ᠠᠵᠢᠯ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃ | | | ᠵᠠᠩ ᠺᠠᠢ ᠳ᠋ᠦᠩ᠂ ᠭᠦᠸᠧ ᠫᠢᠩ ᠸᠠᠩ ᠬᠤᠲᠠ ᠶᠢᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ᠂ | ᠡᠷᠢᠶᠡᠨ ᠬᠤᠲᠠ ᠶᠢᠨ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠳᠤ ︽ᠡᠷᠢᠶᠡᠨ ᠬᠤᠲᠠ ᠶᠢᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ︾ ᠭᠡᠬᠦ ᠫᠠᠶᠢᠰᠠ ᠣᠯᠭᠤᠪᠠ᠃ ᠳᠠᠷᠠᠭ᠎ᠠ ᠨᠢ᠂ ᠬᠤᠷᠠᠯ ᠳᠤ | ᠣᠷᠣᠯᠴᠠᠭᠰᠠᠨ ᠬᠤᠲᠠ ᠶᠢᠨ ᠤᠳᠤᠷᠢᠳᠤᠯᠭ᠎ᠠ ᠬᠠᠮᠲᠤ ᠪᠠᠷ ᠠᠵᠢᠯᠯᠠᠭ᠎ᠠ ᠶᠢ ᠡᠬᠢᠯᠡᠭᠦᠯᠵᠦ᠂ ᠮᠠᠨ ᠤ ᠬᠤᠲᠠ ᠶᠢᠨ | 2022 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ᠂ ᠦᠨᠳᠦᠰᠦᠲᠡᠨ ᠤ | ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠵᠢᠩᠬᠢᠨᠢ ᠪᠠᠷ | ᠡᠬᠢᠯᠡᠭᠰᠡᠨ ᠢ ᠵᠠᠷᠯᠠᠪᠠ᠃ | | | ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠣᠯᠠᠨ ᠢᠶᠠᠷ ᠢᠶᠠᠨ ᠦᠨᠳᠦᠰᠦᠲᠡᠨ ᠤ ᠪᠦᠯᠬᠦᠮᠳᠡᠯ ᠤᠨ | ᠤᠬᠠᠭᠤᠯᠭ᠎ᠠ ᠶᠢᠨ ᠰᠠᠮᠪᠠᠷ᠎ᠠ ᠶᠢ ᠲᠣᠭᠤᠷᠢᠨ ᠦᠵᠡᠵᠦ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠣᠳᠬᠠᠬᠤ ᠮᠡᠳᠡᠯᠭᠡ ᠶᠢᠨ ᠤᠩᠰᠢᠬᠤ ᠪᠢᠴᠢᠭ︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾᠂ ︽ | ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠳᠦᠷᠢᠮ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠳᠦᠷᠢᠮ︾ ᠵᠡᠷᠭᠡ | ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠪᠠ᠃ | |