︽ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠠᠮᠤᠷ ᠲᠦᠪᠰᠢᠨ ᠤ ᠬᠥᠭᠵᠢᠯᠲᠡ ᠶᠢ ᠠᠬᠢᠭᠤᠯᠤᠶ᠎ᠠ︾ ᠬᠤᠲᠠ ᠶᠢᠨ ᠤᠳᠤᠷᠢᠳᠤᠯᠭ᠎ᠠ ᠳᠤᠭᠤᠶᠢᠯᠠᠩ ᠳᠠᠭᠠᠭᠤᠯᠤᠨ ᠬᠤᠸᠠᠷ ᠫᠤᠤᠵᠢᠩ ᠤᠨ ᠪᠣᠷᠤᠯᠠᠭᠤᠯᠭ᠎ᠠ᠂ ᠡᠳ᠋ ᠪᠠᠷᠠᠭ᠎ᠠ ᠶᠢᠨ  ᠬᠦᠮᠦᠷᠭᠡ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2022/5/9
     5 ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠠᠩ ᠶᠢᠩ ᠵᠢᠶᠧ ᠳᠤᠭᠤᠶᠢᠯᠠᠩ ᠳᠠᠭᠠᠭᠤᠯᠤᠨ ᠪᠥᠬᠦ ᠬᠤᠲᠠ ᠶᠢᠨ ᠬᠤᠸᠠᠷ ᠫᠤᠤᠵᠢᠩ᠂ ᠡᠳ᠋ ᠪᠠᠷᠠᠭ᠎ᠠ ᠬᠥᠮᠥᠷᠭᠡᠯᠡᠨ ᠬᠠᠳᠠᠭᠠᠯᠠᠬᠤ ᠬᠦᠷᠢᠶᠡᠨ ᠳᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠵᠦ᠂ ᠬᠤᠸᠠᠷ ᠫᠤᠤᠵᠢᠩ ᠤᠨ ᠵᠠᠬ᠎ᠠ ᠳᠡᠯᠭᠡᠭᠦᠷ ᠪᠠ ᠬᠥᠮᠥᠷᠭᠡᠯᠡᠨ ᠬᠠᠳᠠᠭᠠᠯᠠᠬᠤ ᠠᠶᠤᠯᠭᠦᠢ ᠦᠢᠯᠡᠳᠪᠦᠷᠢᠯᠡᠯ ᠤᠨ ᠡᠵᠡᠩᠨᠡᠯᠲᠡ ᠶᠢᠨ ᠡᠮᠬᠢ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠪᠠ᠃
  ᠪᠠᠶᠢᠴᠠᠭᠠᠬᠤ ᠳᠤᠭᠤᠶᠢᠯᠠᠩ ᠤᠨ ᠬᠢᠨ ᠯᠢᠦ ᠶᠠᠩ ᠤᠨ ᠬᠤᠸᠠᠷ ᠫᠤᠤᠵᠢᠩ ᠬᠤᠳᠠᠯᠳᠤᠬᠤ ᠭᠠᠵᠠᠷ ᠵᠢᠴᠢ ᠬᠤᠳᠠ ᠶᠢᠨ ᠵᠡᠭᠦᠨ ᠡᠮᠦᠨ᠎ᠡ ᠪᠠᠶᠢᠭᠤᠯᠤᠭᠰᠠᠨ ᠬᠥᠮᠥᠷᠭᠡ ᠳᠤ ᠪᠠᠶᠢᠴᠠᠭᠠᠯᠲᠠ ᠬᠢᠵᠦ᠂ ᠰᠢᠲᠠᠮᠠᠲᠠᠬᠠᠢ ᠳᠡᠯᠪᠡᠷᠡᠮᠡᠲᠡᠭᠡᠢ ᠠᠶᠤᠯᠲᠠᠢ ᠪᠣᠳᠠᠰ ᠢ ᠬᠠᠳᠠᠭᠠᠯᠠᠬᠤ᠂ ᠡᠳ᠋ ᠪᠠᠷᠠᠭ᠎ᠠ ᠶᠢ ᠬᠥᠮᠥᠷᠭᠡᠯᠡᠬᠦ᠂ ᠭᠠᠯ ᠤᠨᠲᠠᠷᠠᠭᠠᠬᠤ ᠲᠥᠬᠦᠭᠡᠷᠦᠮᠵᠢ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ᠂ ᠰᠠᠩ ᠬᠥᠮᠥᠷᠭᠡ ᠶᠢᠨ ᠡᠷᠭᠦᠭᠦᠷ ᠲᠡᠷᠭᠡ ᠶᠢᠨ ᠭᠠᠷ ᠭᠦᠢᠴᠡᠳᠬᠡᠯ᠂ ᠵᠢᠯᠣᠭᠤᠴᠢ ᠶᠢᠨ ᠬᠢᠷᠢ ᠬᠡᠮ ᠤᠨ ᠦᠨᠡᠮᠯᠡᠯ ᠵᠡᠷᠭᠡ ᠳᠤ ᠨᠠᠷᠢᠨ ᠨᠢᠭᠲᠠ ᠪᠠᠶᠢᠴᠠᠭᠠᠯᠲᠠ ᠬᠢᠵᠡᠢ᠃
   ᠪᠠᠶᠢᠴᠠᠭᠠᠬᠤ ᠳᠤᠭᠤᠶᠢᠯᠠᠩ ᠠᠴᠠ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠠᠭᠤᠨ ᠠᠴᠠ ᠴᠤ ᠶᠡᠭᠡ ᠶᠤᠮ᠂ ᠡᠷᠬᠡᠪᠰᠢ ᠠᠶᠤᠯᠭᠦᠢ ᠦᠢᠯᠡᠳᠪᠦᠷᠢᠯᠡᠯ ᠤᠨ ᠡᠨᠡᠬᠦ ᠤᠯᠠᠭᠠᠨ ᠱᠤᠭᠤᠮ ᠢ ᠭᠤᠶᠢᠪᠢᠰᠢ ᠦᠭᠡᠢ᠂ ᠮᠢᠨᠴᠦᠭᠦᠷᠡᠯ ᠦᠭᠡᠢ᠂ ᠴᠠᠯᠠᠭᠠᠶᠢᠷᠠᠯ ᠦᠭᠡᠢ ᠪᠠᠲᠤ ᠰᠠᠬᠢᠵᠤ᠂ ᠥᠴᠥᠬᠡᠨ ᠴᠦ ᠭᠤᠷᠢᠳᠠᠬᠤ ᠪᠤᠳᠤᠯ ᠡᠪᠦᠷᠯᠡᠵᠦ ᠪᠣᠯᠬᠤ ᠦᠭᠡᠢ᠂ ᠲᠤᠷᠰᠢᠯᠭ᠎ᠠ ᠰᠤᠷᠭᠠᠮᠵᠢ ᠶᠢ ᠭᠦᠨᠵᠡᠭᠡᠢ ᠭᠥᠯᠢᠶᠡᠨ ᠠᠪᠴᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠴᠥᠬᠦᠷᠡᠰᠢ ᠦᠭᠡᠢ ᠪᠠᠶᠢᠩᠭᠤ ᠠᠳᠬᠤᠵᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠬᠡᠷᠡᠭᠲᠡᠢ᠃ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠠᠶᠤᠯ ᠦᠭᠡᠢ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠶᠤᠯ ᠦᠭᠡᠢ ᠶᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠶᠤᠯ ᠦᠭᠡᠢ ᠶᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠶᠤᠯ ᠦᠭᠡᠢ ᠶᠢ ᠬᠠᠮᠢᠶᠠᠷᠬᠤ︾ ᠵᠠᠷᠴᠢᠮ ᠤᠨ ᠶᠣᠰᠣᠭᠠᠷ᠂ ᠡᠯ᠎ᠡ ᠰᠠᠯᠠᠭ᠎ᠠ ᠮᠥᠴᠢᠷ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠶᠤᠯ ᠦᠭᠡᠢ ᠦᠢᠯᠡᠳᠪᠦᠷᠢᠯᠡᠯ  ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠢ ᠠᠮᠤᠷ ᠲᠦᠪᠰᠢᠨ ᠤ ᠠᠵᠢᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠡᠬᠢ ᠡᠭᠦᠰᠦᠯ ᠤᠨ ᠬᠠᠮᠢᠶᠠᠷᠤᠯᠲᠠ ᠪᠠᠨ ᠴᠢᠩᠭᠠᠷᠠᠭᠤᠯᠤᠨ᠂ ᠳᠠᠯᠳᠠ ᠬᠡᠮ ᠢ ᠨᠠᠷᠢᠨ ᠨᠢᠮᠪᠠᠢ ᠵᠢᠭᠰᠠᠭᠠᠨ ᠪᠠᠶᠢᠴᠠᠭᠠᠵᠤ᠂ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ ᠪᠣᠳᠠᠲᠠᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠬᠤᠸᠠᠷ ᠫᠤᠤᠵᠢᠩ ᠤᠨ ᠬᠤᠳᠠᠯᠳᠤᠭᠠᠴᠢᠳ ᠨᠢ ᠬᠤᠸᠠᠷ ᠫᠤᠤᠵᠢᠩ ᠢᠶᠠᠨ ᠲᠣᠭᠲᠠᠭᠰᠠᠨ ᠬᠡᠮᠵᠢᠶ᠎ᠡ ᠪᠠᠷ ᠴᠢᠩᠭ᠎ᠠ ᠬᠠᠳᠠᠭᠠᠯᠠᠵᠤ᠂ ᠬᠡᠮᠵᠢᠶ᠎ᠡ ᠠᠴᠠ ᠨᠢ ᠬᠡᠲᠦᠷᠡᠲᠡᠯ᠎ᠡ ᠬᠠᠳᠠᠭᠠᠯᠠᠬᠤ ᠶᠢ ᠡᠷᠡᠰ ᠬᠤᠷᠢᠭᠯᠠᠵᠤ᠂ ᠠᠮᠤᠷ ᠲᠦᠪᠰᠢᠨ ᠢᠶᠠᠷ ᠲᠡᠭᠡᠭᠡᠪᠦᠷᠢᠯᠡᠬᠦ᠂ ᠠᠮᠤᠷ ᠲᠦᠪᠰᠢᠨ ᠢᠶᠠᠷ ᠬᠠᠳᠠᠭᠠᠯᠠᠬᠤ᠂ ᠠᠮᠤᠷ ᠲᠦᠪᠰᠢᠨ ᠢᠶᠠᠷ ᠡᠵᠡᠩᠨᠡᠬᠦ ᠶᠢ ᠪᠡᠶᠡᠯᠡᠭᠦᠯᠬᠦ ᠬᠡᠷᠡᠭᠲᠡᠢ᠃ ᠬᠥᠮᠥᠷᠭᠡᠯᠡᠨ ᠬᠠᠳᠠᠭᠠᠯᠠᠬᠤ ᠶᠢᠨ ᠠᠮᠤᠷ ᠲᠦᠪᠰᠢᠨ ᠪᠠ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠬᠡᠷᠡᠭᠯᠡᠯᠲᠡ ᠬᠠᠮᠢᠶᠠᠷᠤᠯᠲᠠ ᠶᠢ ᠴᠢᠩᠭ᠎ᠠ ᠠᠳᠬᠤᠵᠤ᠂ ᠭᠠᠯ ᠤᠨᠲᠠᠷᠠᠭᠠᠬᠤ ᠪᠡᠯᠡᠳᠬᠡᠮᠵᠢ ᠪᠠ ᠠᠵᠢᠯᠯᠠᠬᠤ ᠪᠠᠭᠠᠵᠢ ᠬᠡᠷᠡᠭᠰᠡᠯ ᠤᠨ ᠡᠳᠦᠷ ᠲᠤᠲᠤᠮ ᠤᠨ ᠪᠠᠶᠢᠴᠠᠭᠠᠨ ᠵᠠᠰᠠᠵᠤ ᠠᠷᠠᠴᠢᠯᠠᠬᠤ ᠶᠢ ᠴᠢᠩᠭᠠᠳᠬᠠᠨ᠂ ᠲᠥᠬᠦᠭᠡᠷᠦᠮᠵᠢ ᠪᠡᠯᠡᠳᠬᠡᠮᠵᠢ ᠶᠢᠨ ᠬᠡᠪ ᠤᠨ ᠬᠡᠷᠡᠭᠯᠡᠯᠲᠡ ᠶᠢ ᠦᠨᠡᠨᠬᠦ ᠪᠠᠲᠤᠯᠠᠬᠤ ᠬᠡᠷᠡᠭᠲᠡᠢ᠃ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠮᠤᠷ ᠲᠦᠪᠰᠢᠨ ᠤ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠶᠢᠩᠭᠤ ᠶᠢᠨ ᠴᠢᠨᠠᠷᠲᠠᠢ ᠠᠮᠤᠷ ᠲᠦᠪᠰᠢᠨ ᠤ ᠪᠠᠶᠢᠴᠠᠭᠠᠯᠲᠠ ᠶᠢ ᠴᠢᠩᠭᠠᠳᠬᠠᠨ᠂ ᠠᠴᠠ ᠲᠡᠷᠭᠡ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠲᠡᠷᠭᠡ ᠬᠥᠰᠬᠡ ᠶᠢᠨ ᠭᠠᠷᠳᠠᠮ ᠪᠦᠷᠢᠨ ᠭᠦᠢᠴᠡᠳ ᠪᠠᠶᠢᠬᠤ ᠶᠢ ᠪᠠᠲᠤᠯᠠᠵᠤ᠂ ᠠᠴᠠ ᠲᠡᠷᠭᠡᠨ ᠤ ᠵᠢᠯᠣᠭᠤᠴᠢ ᠡᠷᠬᠡᠪᠰᠢ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠬᠡᠷᠡᠭᠲᠡᠢ᠃ ᠭᠠᠯ ᠢ ᠰᠡᠷᠭᠡᠶᠢᠯᠡᠬᠦ ᠤᠰᠤ ᠶᠢ ᠰᠡᠷᠭᠡᠶᠢᠯᠡᠬᠦ ᠴᠠᠬᠢᠯᠭᠠᠨ ᠭᠤᠭᠤᠵᠢᠬᠤ ᠶᠢ ᠰᠡᠷᠭᠡᠶᠢᠯᠡᠬᠦ ᠶᠢ ᠭᠤᠣᠯᠳᠠᠯᠭ᠎ᠠ ᠲᠠᠢ ᠠᠩᠬᠠᠷᠴᠤ᠂ ᠠᠮᠤᠷ ᠲᠦᠪᠰᠢᠨ ᠤ ᠪᠠᠶᠢᠴᠠᠭᠠᠯᠲᠠ ᠶᠢᠨ ᠡᠬᠡ ᠲᠠᠩᠰᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠪᠦᠲᠦᠮᠵᠢᠲᠡᠢ ᠬᠤᠷᠢᠭᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠯᠠᠨ ᠤᠭᠲᠤᠬᠤ ᠬᠡᠷᠡᠭᠲᠡᠢ᠃     ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠯᠲᠠ ᠳᠤ ᠣᠷᠣᠯᠴᠠᠵᠠᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号