︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠶ᠎ᠠ︾  ᠣᠯᠠᠨ ᠰᠠᠯᠠᠭ᠎ᠠ ᠮᠥᠴᠢᠷ ᠤᠨ ᠨᠠᠮ ᠤᠨ ᠵᠣᠬᠢᠶᠠᠨ ᠪᠠᠶᠢᠭᠤᠯᠤᠯᠲᠠ ᠬᠠᠮᠲᠤᠷᠠᠨ ︽ᠵᠢᠷᠭᠤᠭᠠᠨ ᠰᠠᠷ᠎ᠠ ᠶᠢᠨ ᠨᠢᠭᠡᠨ ᠢ ᠪᠡᠯᠭᠡᠯᠡᠬᠦ︾ ᠥᠪᠡᠷᠮᠢᠴᠡ ᠣᠨᠴᠠᠯᠢᠭ ᠲᠠᠢ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/1
  ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠢ ᠭᠦᠨᠵᠡᠭᠡᠢ ᠠᠬᠢᠭᠤᠯᠬᠤ ᠶᠢᠨ ᠳᠣᠯᠠᠳᠠ᠂ ︽6 ·1︾  ᠤ ᠬᠡᠦᠬᠡᠳ ᠤᠨ ᠪᠠᠶᠠᠷ ᠬᠦᠷᠴᠦ ᠢᠷᠡᠬᠦ ᠶᠢ ᠳᠣᠬᠢᠶᠠᠯᠳᠣᠭᠤᠯᠣᠨ᠂ 5 ᠰᠠᠷ᠎ᠠ ᠶᠢᠨ 30  ᠤ ᠡᠳᠦᠷ᠂ ᠬᠤᠳᠠ ᠶᠢᠨ ᠬᠢᠨᠠᠨ ᠪᠤᠳᠤᠬᠤ ᠲᠣᠪᠴᠢᠶ᠎ᠠ ᠶᠢᠨ ᠨᠠᠮ ᠤᠨ ᠡᠭᠦᠷ᠂ ᠵᠡᠬᠦᠨ ᠬᠤᠳᠠ ᠨᠡᠶᠢᠭᠡᠮ ᠲᠣᠭᠤᠷᠢᠭ ᠤᠨ ᠨᠠᠮ ᠤᠨ ᠠᠵᠢᠯᠯᠠᠬᠤ ᠵᠦᠪᠯᠡᠯ᠂ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠤᠨ ᠨᠠᠮ ᠤᠨ ᠡᠭᠦᠷ ᠬᠠᠮᠲᠤᠷᠠᠨ ︽ᠠᠨᠠᠷ ᠤᠨ ᠦᠷ᠎ᠡ ᠮᠡᠳᠦ ᠨᠢᠭᠡ ᠭᠡᠷ ᠪᠦᠯᠢ ᠰᠢᠭ ᠳᠣᠳᠣᠨᠣ ᠪᠠᠶᠢᠵᠦ᠂ ᠵᠢᠷᠭᠤᠭᠠᠨ ᠰᠠᠷ᠎ᠠ ᠶᠢᠨ ᠨᠢᠭᠡᠨ ᠢ ᠪᠡᠯᠭᠡᠯᠡᠨ ᠬᠡᠦᠬᠡᠳ ᠤᠨ ᠰᠡᠳᠬᠢᠯ ᠢ ᠳᠤᠯᠠᠭᠠᠴᠠᠭᠤᠯᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠡᠢ᠃
   ᠠᠵᠢᠯᠯᠠᠭ᠎ᠠ ᠶᠢᠨ ᠳᠤᠮᠳᠠ᠂ ᠬᠤᠲᠠ ᠶᠢᠨ ᠬᠢᠨᠠᠨ ᠪᠤᠳᠤᠬᠤ ᠲᠣᠪᠴᠢᠶ᠎ᠠ᠂ ᠵᠡᠬᠦᠨ ᠬᠤᠳᠠ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠺᠠᠳ᠋ᠷᠴᠤᠳ ᠬᠤᠲᠠ ᠶᠢᠨ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠪᠣᠯᠣᠨ‌ᠵᠡᠬᠦᠨ ᠬᠤᠳᠠ ᠨᠡᠶᠢᠭᠡᠮ ᠲᠣᠭᠤᠷᠢᠭ ᠤᠨ ᠭᠡᠷ ᠪᠦᠯᠢ ᠶᠢᠨ 24 ᠬᠦᠴᠢᠷᠳᠡᠯᠲᠡᠢ ᠬᠡᠦᠬᠡᠳ ᠲᠤ ᠪᠠᠶᠠᠷ ᠤᠨ ᠡᠳᠦᠷ ᠤᠨ ᠪᠡᠯᠡᠭ ᠬᠦᠷᠭᠡᠭᠰᠡᠨ ᠪᠥᠭᠡᠳ ᠬᠡᠦᠬᠡᠳ ᠤᠳ ᠢ ᠠᠨᠠᠷ ᠤᠨ ᠦᠷ᠎ᠡ ᠰᠢᠭ ᠪᠦᠯᠬᠦᠮᠳᠡᠨ ᠨᠢᠭᠲᠠᠷᠠᠵᠤ᠂ ᠬᠠᠮᠲᠤ ᠪᠠᠷ ᠢᠳᠡᠷᠡᠭᠦᠨ ᠢᠶᠠᠷ ᠦᠰᠦᠨ ᠪᠣᠶᠢᠵᠢᠬᠤ ᠶᠢ ᠬᠦᠰᠡᠭᠰᠡᠨ ᠪᠠᠶᠢᠨ᠎ᠠ᠃ ᠬᠡᠦᠬᠡᠳ ᠤᠳ ᠪᠡᠯᠡᠭ ᠰᠡᠯᠲᠡ ᠢᠶᠠᠨ ᠳᠣᠰᠴᠦ ᠠᠪᠣᠭᠠᠳ᠂ ᠪᠣᠯᠪᠠᠰᠣᠨ ᠢᠶᠠᠷ ᠬᠠᠷᠢᠭᠤ ᠶᠣᠰᠣᠯᠠᠵᠦ᠂ ᠪᠠᠶᠠᠷ ᠵᠢᠷᠭᠠᠯ ᠤᠨ ᠢᠨᠢᠶᠡᠳᠦ ᠪᠠᠷ ᠪᠢᠯᠬᠠᠵᠤ ᠪᠠᠶᠢᠯ᠎ᠠ
   ᠲᠤᠰ ᠤᠳᠠᠭ᠎ᠠ ᠶᠢᠨ ᠠᠵᠢᠯᠯᠠᠭ᠎ᠠ ᠳᠤ ᠡᠰᠡᠷᠬᠦ ᠣᠳᠬ᠎ᠠ ᠲᠠᠢ ᠦᠭᠡ ᠶᠢ ᠳᠠᠭᠠᠭᠠᠬᠤ᠂ ᠬᠡᠶᠢᠲᠦ ᠪᠥᠮᠪᠦᠭᠡ ᠬᠠᠪᠴᠢᠨ ᠭᠦᠶᠦᠬᠦ᠂ ᠴᠠᠭᠠᠷᠢᠭ ᠰᠢᠳᠡᠬᠦ ᠵᠡᠷᠭᠡ ᠬᠡᠦᠬᠡᠳ ᠤᠨ ᠲᠣᠭᠯᠠᠭᠠᠮ ᠢ ᠲᠣᠬᠢᠷᠠᠭᠤᠯᠵᠤ᠂ ᠲᠣᠭᠯᠠᠭᠠᠮ ᠤᠨ ᠭᠤᠭᠴᠤᠭ᠎ᠠ ᠪᠣᠯᠭᠠᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠵᠦ ᠬᠠᠮᠢᠶ᠎ᠠ ᠪᠦᠬᠦᠢ ᠮᠡᠳᠡᠯᠭᠡ ᠶᠢ ᠠᠭᠤᠰᠬᠠᠭᠰᠠᠨ ᠪᠠᠶᠢᠨ᠎ᠠ᠃ ᠪᠢᠴᠢᠬᠠᠨ ᠬᠡᠦᠬᠡᠳ ᠪᠣᠯᠣᠨ ᠭᠡᠷ ᠤᠨ ᠠᠬᠠᠮᠠᠳ ᠲᠣᠭᠯᠠᠭᠠᠮ ᠳᠤ ᠢᠳᠡᠪᠬᠢᠲᠡᠢ ᠣᠷᠣᠯᠴᠠᠵᠤ᠂ ᠲᠤᠬᠠᠢ ᠶᠢᠨ ᠲᠠᠯᠠᠪᠠᠢ ᠬᠦᠷ ᠬᠥᠭᠵᠢᠶᠡᠨ ᠪᠢᠯᠬᠠᠵᠦ ᠪᠠᠶᠢᠯ᠎ᠠ᠃
   ᠲᠤᠰ ᠤᠳᠠᠭᠠᠨ ᠤ ᠠᠵᠢᠯᠯᠠᠭ᠎ᠠ ᠨᠢ ᠨᠠᠮ ᠤᠨ ᠭᠡᠰᠢᠭᠦᠨ ᠺᠠᠳ᠋ᠷᠴᠤᠳ ᠤᠨ ᠳᠤᠮᠳᠠᠳᠤ   ᠶᠢᠨ ᠦᠨᠳᠦᠰᠦᠲᠡᠨ ᠤ ᠬᠠᠮᠲᠤ   ᠶᠢᠨ ᠴᠣᠭᠴᠠ   ᠶᠢᠨ ᠤᠬᠠᠮᠰᠠᠷ ᠢ ᠪᠠᠳᠣᠳᠬᠠᠬᠤ ᠪᠠ ᠬᠡᠦᠬᠡᠳ   ᠢ ᠬᠠᠯᠠᠮᠵᠢᠯᠠᠨ ᠬᠠᠶᠢᠷᠠᠯᠠᠬᠤ ᠳᠤᠮᠳᠠᠬᠢ ᠬᠤᠰᠢᠭᠤᠴᠢ ᠵᠢᠱᠢᠶᠡᠴᠢ ᠦᠢᠯᠡᠳᠦᠯ   ᠢ ᠭᠦᠢᠴᠡᠳ ᠪᠠᠳᠠᠷᠠᠭᠤᠯᠵᠤ᠂ ᠨᠠᠮ ᠤᠨ ᠡᠭᠦᠷ ᠤᠨ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ   ᠢ ᠴᠢᠩᠭᠠᠷᠠᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ   ᠶᠢᠨ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ   ᠢ ᠪᠤᠶ ᠪᠣᠯᠭᠠᠭᠰᠠᠨ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号