ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ  ᠬᠢᠵᠢᠭ ᠢ ᠰᠡᠷᠭᠡᠶᠢᠯᠡᠬᠦ ᠨᠢᠭᠡᠳᠦᠭᠡᠷ ᠹᠷᠣᠨᠲ ᠤᠨ ᠣᠷᠴᠢᠨ ᠲᠣᠭᠤᠷᠢᠨ ᠢ ᠴᠡᠪᠡᠷᠯᠡᠭᠴᠢ ᠳᠤ  ᠡᠳ᠋ ᠪᠣᠳᠠᠰ  ᠬᠠᠨᠳᠢᠪᠯᠬᠠᠰᠡᠨ
ᠨᠡᠶᠢᠲᠡᠯᠡᠭᠰᠡᠨ ᠴᠠᠭ᠄
2022/6/29
ᠡᠷᠢᠶᠡᠨ  ᠬᠤᠳᠠ   ᠶᠢᠨ  ᠶᠡᠷᠦᠩᠬᠡᠶᠢᠯᠬᠠᠰᠡᠨ ᠷᠠᠳᠢᠣ᠋ ᠶᠢᠨ  ᠰᠤᠷᠪᠤᠯᠵᠢᠯᠠᠭᠴᠢ  ᠪᠦᠷᠢᠩᠭᠤᠸ᠎ᠠ   ᠶᠢᠨ  ᠮᠡᠳᠡᠭᠡᠯᠡᠭᠰᠡᠨ  ᠢᠶᠠᠷ᠄ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ  ᠬᠢᠵᠢᠭ ᠢ ᠰᠡᠷᠭᠡᠶᠢᠯᠡᠬᠦ ᠨᠢᠭᠡᠳᠦᠭᠡᠷ ᠹᠷᠣᠨᠲ ᠤᠨ ᠣᠷᠴᠢᠨ ᠲᠣᠭᠤᠷᠢᠨ ᠢ ᠴᠡᠪᠡᠷᠯᠡᠭᠴᠢ ᠳᠤ  ᠡᠳ᠋ ᠪᠣᠳᠠᠰ  ᠬᠠᠨᠳᠢᠪᠯᠬᠠᠰᠡᠨ          6 ᠰᠠᠷ᠎ᠠ ᠶᠢᠨ 25 ᠤ ᠡᠳᠦᠷ᠂ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ  ᠾᠦᠢ ᠹᠧᠩ  ᠴᠢᠩ ᠰᠢᠤᠸᠠᠨ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠠᠮᠤ ᠪᠤᠳᠠᠭ᠎ᠠ᠂ ᠭᠤᠯᠢᠷ᠂ ᠢᠳᠡᠰᠢᠨ ᠲᠣᠰᠣ ᠵᠡᠷᠭᠡ 8 ᠲᠦᠮᠡᠨ ᠲᠥᠭᠦᠷᠢᠭ ᠤᠨ ᠬᠢᠵᠢᠭ ᠢ  ᠰᠡᠷᠭᠡᠶᠢᠯᠡᠨ ᠡᠵᠡᠮᠳᠡᠬᠦ ᠳᠤ ᠲᠤᠰᠠᠯᠠᠬᠤ ᠡᠳ᠋ ᠪᠣᠳᠠᠰ ᠬᠠᠨᠳᠢᠪᠯᠡᠵᠤ  ᠂ ᠨᠠᠮ ᠪᠠ ᠵᠠᠰᠠᠭ ᠤᠨ ᠣᠷᠳᠣᠨ  ᠤ ᠬᠠᠶᠢᠷ᠎ᠠ ᠬᠠᠯᠠᠮᠵᠢ ᠬᠦᠨᠳᠤᠳᠬᠡᠯ ᠢ ᠣᠷᠴᠢᠨ ᠲᠣᠭᠤᠷᠢᠨ  ᠢ ᠴᠡᠪᠡᠷᠯᠡᠭᠴᠢ ᠳᠤ ᠬᠦᠷᠭᠡᠵᠠᠢ᠃            ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠲᠣᠰ ᠺᠣᠮᠫᠠᠨᠢ ᠶᠢᠨ ᠣᠷᠴᠢᠨ ᠲᠣᠭᠤᠷᠢᠨ ᠢ ᠴᠡᠪᠡᠷᠯᠡᠭᠴᠢ  ᠡᠮᠦᠨ᠎ᠡ ᠹᠷᠣᠨᠲ ᠲᠤ ᠭᠠᠪᠰᠢᠭᠠᠶᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠢ ᠪᠠᠲᠤ ᠰᠠᠬᠢᠵᠤ᠂ ᠬᠢᠵᠢᠭ ᠤᠨ ᠪᠠᠶᠢᠳᠠᠯ ᠢ  ᠰᠡᠷᠭᠡᠶᠢᠯᠡᠨ ᠡᠵᠡᠮᠳᠡᠬᠦ ᠳᠤ  ᠬᠦᠴᠦᠨ ᠴᠢᠳᠠᠯ ᠢᠶᠠᠨ ᠡᠷᠭᠦᠪᠡ᠃         ᠲᠣᠬᠤᠨᠢᠭᠤᠯᠬᠤ  ᠬᠤᠭᠤᠴᠠᠭᠠᠨ ᠳᠤ᠂ ᠬᠤᠳᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠠᠵᠢᠯᠲᠠᠳ ᠬᠢᠵᠢᠭ ᠢ ᠰᠡᠷᠭᠡᠶᠢᠯᠡᠨ ᠡᠵᠡᠮᠳᠡᠬᠦ  ᠨᠢᠭᠡᠳᠦᠭᠡᠷ ᠹᠷᠣᠨᠲ ᠲᠤ ᠠᠵᠢᠯᠯᠠᠵᠦ ᠪᠠᠶᠢᠭ᠎ᠠ ᠣᠷᠴᠢᠨ ᠲᠣᠭᠤᠷᠢᠨ  ᠢ ᠴᠡᠪᠡᠷᠯᠡᠭᠴᠢ ᠳᠤ  ᠲᠠᠯᠠᠷᠬᠠᠯ   ᠲᠡᠪᠰᠢᠭᠦᠯᠦᠭᠰᠡᠨ ᠤ ᠬᠠᠮᠲᠤ ᠤᠯᠠᠨ ᠢ  ᠬᠠᠮᠠᠭᠠᠯᠠᠯᠲᠠ ᠪᠠᠨ ᠰᠠᠶᠢᠲᠤᠷ ᠬᠢᠵᠦ᠂  ᠡᠷᠡᠭᠦᠯ ᠮᠡᠨᠳᠤ  ᠪᠠᠨ ᠠᠩᠬᠠᠷᠬᠤ ᠶᠢ ᠰᠠᠨᠠᠭᠤᠯᠵᠠᠢ᠃ ᠡᠭᠦᠨ ᠤ ᠬᠠᠮᠲᠤ  ᠂ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠠᠴᠠ ᠣᠷᠴᠢᠨ ᠲᠣᠭᠤᠷᠢᠨ ᠤ   ᠴᠡᠪᠡᠷᠯᠡᠭᠴᠢ ᠶᠢᠨ ᠭᠡᠷ ᠪᠦᠯᠢ ᠶᠢᠨ ᠠᠮᠢᠳᠤᠷᠠᠯ ᠢ ᠬᠠᠯᠠᠮᠵᠢᠯᠠᠨ ᠠᠩᠬᠠᠷᠴᠤ᠂  ᠲᠡᠳᠡᠨ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠲᠡᠳᠡᠨ ᠤ ᠡᠮᠦᠨ᠎ᠡ ᠹᠷᠣᠨᠲ ᠲᠤ  ᠰᠡᠳᠬᠢᠯ ᠠᠮᠤᠷ ᠠᠵᠢᠯᠯᠠᠬᠤ  ᠶᠢ ᠪᠠᠳᠤᠯᠠᠬᠤ ᠶᠢ  ᠬᠦᠰᠡᠭᠰᠡᠨ ᠪᠠᠶᠢᠨ᠎ᠠ᠃           ᠣᠶᠢᠯᠠᠭᠠᠭᠰᠠᠨ ᠢᠶᠠᠷ᠂ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠪᠠᠰᠠ ᠪᠥᠬᠦ ᠬᠤᠲᠠ ᠶᠢᠨ ᠠᠵᠤ ᠠᠬᠤᠶᠢᠯᠠᠯ ᠤᠨ ᠬᠦᠴᠢᠷᠳᠡᠯ ᠲᠠᠢ ᠠᠵᠢᠯᠲᠠᠨ ᠠᠵᠢᠯᠴᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ ᠢ ᠲᠣᠬᠤᠨᠢᠭᠤᠯᠬᠤ ᠪᠣᠯᠣᠨ᠎ᠠ᠃
 
ᠢᠷᠡᠯᠲᠡ᠄ ᠬᠠᠮ ᠵᠢᠭᠤᠴᠢᠯᠠᠭᠤᠷ ᠤᠨ ᠶᠠᠷᠦᠩᠬᠡᠶᠢᠯᠡᠭᠰᠡᠨ ᠷᠠᠳᠢᠤ᠋
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号