ᠡᠷᠢᠶᠡᠨ ᠬᠤᠳᠠ ᠶᠢᠨ ᠴᠢᠩ ᠬᠤᠸᠠ ᠶᠤᠸᠠᠨ ᠰᠠᠭᠤᠭᠠᠯᠢ  ᠲᠤᠭᠤᠷᠢᠭ  ᠲᠠᠭᠠᠭᠠᠴᠢᠯᠠᠨ  ᠬᠠᠷᠢᠴᠠᠬᠤ ᠪᠠᠶᠢᠭᠤᠯᠭ᠎ᠠ ᠪᠤᠯᠤᠨ  ᠬᠠᠷᠢᠶ᠎ᠠ ᠨᠡᠶᠢᠭᠡᠮ ᠲᠣᠭᠤᠷᠢᠭ ᠲᠤ ᠬᠡᠮᠡᠷᠯᠢᠭ ᠲᠤᠭ  ᠪᠡᠯᠡᠭᠯᠡᠭᠰᠡᠨ
ᠨᠡᠶᠢᠲᠡᠯᠡᠭᠰᠡᠨ ᠴᠠᠭ᠄
2022/6/29
ᠡᠷᠢᠶᠡᠨ  ᠬᠤᠳᠠ   ᠶᠢᠨ  ᠶᠡᠷᠦᠩᠬᠡᠶᠢᠯᠬᠠᠰᠡᠨ ᠷᠠᠳᠢᠣ᠋ ᠶᠢᠨ  ᠰᠤᠷᠪᠤᠯᠵᠢᠯᠠᠭᠴᠢ  ᠪᠦᠷᠢᠩᠭᠤᠸ᠎ᠠ   ᠶᠢᠨ  ᠮᠡᠳᠡᠭᠡᠯᠡᠭᠰᠡᠨ  ᠢᠶᠠᠷ᠄ ᠡᠷᠢᠶᠡᠨ ᠬᠤᠳᠠ ᠶᠢᠨ ᠴᠢᠩ ᠬᠤᠸᠠ ᠶᠤᠸᠠᠨ ᠰᠠᠭᠤᠭᠠᠯᠢ  ᠲᠤᠭᠤᠷᠢᠭ  ᠲᠠᠭᠠᠭᠠᠴᠢᠯᠠᠨ  ᠬᠠᠷᠢᠴᠠᠬᠤ ᠪᠠᠶᠢᠭᠤᠯᠭ᠎ᠠ ᠪᠤᠯᠤᠨ  ᠬᠠᠷᠢᠶ᠎ᠠ ᠨᠡᠶᠢᠭᠡᠮ ᠲᠣᠭᠤᠷᠢᠭ ᠲᠤ ᠬᠡᠮᠡᠷᠯᠢᠭ ᠲᠤᠭ  ᠪᠡᠯᠡᠭᠯᠡᠭᠰᠡᠨ        ᠭᠡᠨᠡᠳᠲᠡ  ᠡᠭᠦᠰᠦᠭᠰᠡᠨ ᠬᠢᠵᠢᠭ ᠤᠨ ᠪᠠᠶᠢᠳᠠᠯ ᠤᠨ ᠡᠮᠦᠨ᠎ᠡ᠂   ᠡᠷᠢᠶᠡᠨ ᠬᠤᠲᠠ ᠶᠢᠨ ᠡᠯ᠎ᠡ  ᠪᠠᠶᠢᠭᠤᠯᠭ᠎ᠠ ᠶᠢᠨ ᠺᠠᠳ᠋ᠷ ᠠᠵᠢᠯᠲᠠᠨ  ᠰᠠᠭᠤᠭᠠᠯᠢ ᠲᠣᠭᠤᠷᠢᠭ ᠤᠨ ᠬᠢᠵᠢᠭ ᠢ  ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ  ᠭᠠᠪᠰᠢᠭᠠᠶᠢᠯᠠᠵᠦ᠂ ᠨᠡᠶᠢᠭᠡᠮ ᠲᠣᠭᠤᠷᠢᠭ ᠲᠤ ᠬᠠᠮᠵᠢᠨ  ᠰᠠᠭᠤᠭᠠᠯᠢ ᠲᠣᠭᠤᠷᠢᠭ ᠢ ᠬᠠᠮᠢᠶᠠᠷᠴᠤ᠂  ᠰᠠᠭᠤᠭᠠᠯᠢ ᠲᠣᠭᠤᠷᠢᠭ ᠤᠨ  ᠤᠯᠠᠨ ᠲᠦᠮᠡᠨ ᠳᠤ ᠦᠢᠯᠡᠴᠢᠯᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠬᠠᠷᠢᠭᠤᠴᠠᠯᠭ᠎ᠠ  ᠡᠭᠦᠷᠭᠡᠯᠡᠵᠦ᠂ ᠰᠠᠭᠤᠭᠠᠯᠢ ᠠᠷᠠᠳ ᠤᠨ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃          6 ᠰᠠᠷ᠎ᠠ ᠶᠢᠨ 28 ᠤ ᠡᠳᠦᠷ᠂  ᠡᠷᠢᠶᠡᠨ ᠬᠤᠳᠠ ᠶᠢᠨ ᠴᠢᠩ ᠬᠤᠸᠠ ᠶᠤᠸᠠᠨ ᠰᠠᠭᠤᠭᠠᠯᠢ  ᠲᠤᠭᠤᠷᠢᠭ ᠤᠨ ᠰᠠᠭᠤᠭᠠᠯᠢ ᠠᠷᠠᠳ ᠲᠠᠭᠠᠭᠠᠴᠢᠯᠠᠨ ᠬᠠᠷᠢᠴᠠᠬᠤ ᠪᠠᠶᠢᠭᠤᠯᠭ᠎ᠠ  ᠪᠤᠯᠬᠤ  ᠡᠷᠢᠶᠡᠨ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠣᠯᠣᠨ  ᠪᠠᠷᠠᠭᠤᠨ ᠬᠤᠳᠠ ᠨᠡᠶᠢᠭᠡᠮ ᠲᠣᠭᠤᠷᠢᠭ ᠲᠤ ᠲᠠᠯᠠᠷᠬᠠᠯ ᠤᠨ ᠰᠡᠳᠬᠢᠯ ᠢᠶᠠᠨ ᠢᠯᠡᠳᠬᠡᠭᠰᠡᠨ ᠬᠡᠮᠡᠷᠯᠢᠭ ᠲᠤᠭ ᠪᠣᠯᠣᠨ ᠲᠠᠯᠠᠷᠬᠠᠯ ᠤᠨ ᠵᠠᠬᠢᠳᠠᠯ ᠬᠦᠷᠭᠡᠵᠡᠢ᠃ ᠲᠠᠭᠠᠭᠠᠴᠢᠯᠠᠨ  ᠬᠠᠷᠢᠴᠠᠬᠤ ᠪᠠᠶᠢᠭᠤᠯᠭ᠎ᠠ ᠪᠣᠯᠣᠨ ᠨᠡᠶᠢᠭᠡᠮ ᠲᠣᠭᠤᠷᠢᠭ ᠤᠨ ᠬᠢᠨ ᠴᠦ ᠰᠠᠭᠤᠭᠠᠯᠢ  ᠲᠣᠭᠤᠷᠢᠭ ᠲᠤ  ᠬᠡᠮᠡᠷᠯᠢᠭ ᠲᠤᠭ ᠬᠦᠷᠭᠡᠵᠦ᠂ ᠰᠠᠭᠤᠭᠠᠯᠢ  ᠲᠣᠭᠤᠷᠢᠭ ᠤᠨ ᠬᠢᠵᠢᠭ  ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ  ᠰᠠᠶᠢᠨ  ᠲᠤᠷᠠᠴᠢᠨ ᠢᠶᠠᠷ ᠠᠵᠢᠯᠯᠠᠭᠰᠠᠳ ᠲᠤ ᠢᠷᠠᠭᠤ ᠠᠯᠳᠠᠷ ᠤᠨ ᠦᠨᠡᠮᠯᠡᠯ ᠣᠯᠭᠤᠪᠠ᠃            ᠬᠢᠵᠢᠭ ᠤᠨ ᠪᠠᠶᠢᠳᠠᠯ ᠡᠭᠦᠰᠦᠭᠰᠡᠨ ᠠᠴᠠ  ᠨᠠᠭᠠᠰᠢ᠂  ᠡᠷᠢᠶᠡᠨ ᠬᠤᠳᠠ ᠶᠢᠨ ᠡᠯ᠎ᠡ ᠳᠠᠭᠠᠭᠠᠴᠢᠯᠠᠨ  ᠬᠠᠷᠢᠴᠠᠬᠤ ᠪᠠᠶᠢᠭᠤᠯᠭ᠎ᠠ ᠪᠣᠯᠣᠨ ᠨᠡᠶᠢᠭᠡᠮ ᠲᠣᠭᠤᠷᠢᠭ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ  ᠪᠠᠶᠢᠷᠢᠯᠠᠭᠤᠯᠵᠤ᠂ ᠨᠠᠮ ᠤᠨ ᠭᠡᠰᠢᠭᠦᠨ ᠺᠠᠳ᠋ᠷ 24 ᠴᠠᠭ  ᠢᠶᠠᠷ ᠠᠵᠢᠯ ᠤᠨ ᠪᠠᠶᠢᠷᠢ ᠪᠠᠨ ᠰᠠᠬᠢᠵᠤ  ᠂ ᠬᠢᠵᠢᠭ ᠢ ᠡᠰᠡᠷᠭᠦᠴᠡᠬᠦ ᠡᠮᠦᠨ᠎ᠡ ᠹᠷᠣᠨᠲ ᠲᠤ ᠡᠷᠡᠯᠬᠡᠭᠯᠡᠨ ᠠᠵᠢᠯᠯᠠᠵᠠᠢ᠃  ᠰᠠᠭᠤᠭᠠᠯᠢ  ᠲᠣᠭᠤᠷᠢᠭ ᠢ ᠪᠢᠲᠡᠭᠦᠮᠵᠢᠯᠡᠨ ᠡᠵᠡᠮᠳᠡᠬᠦ ᠬᠤᠭᠤᠴᠠᠭᠠᠨ ᠳᠤ᠂ ᠠᠮᠢᠳᠤᠷᠠᠯ ᠤᠨ ᠡᠳ᠋ ᠪᠣᠳᠠᠰ ᠢ  ᠡᠭᠦᠳᠡᠨ ᠳᠤᠨᠢ ᠬᠦᠷᠭᠡᠵᠦ᠂ ᠡᠮ ᠤᠨ  ᠵᠤᠶᠢᠯᠡᠰ  ᠬᠤᠳᠠᠯᠳᠤᠨ  ᠠᠪᠬᠤ᠂  ᠰᠢᠯᠭᠠᠯᠳᠠ ᠳᠤ ᠤᠷᠤᠯᠴᠠᠬᠤ ᠰᠤᠷᠤᠠᠠᠴᠢᠳ ᠢ  ᠲᠤᠰᠴᠤ  ᠬᠦᠷᠭᠡᠬᠦ  ᠂ ᠥᠨᠥᠴᠢᠨ ᠪᠡᠯᠪᠡᠰᠦᠨ ᠨᠠᠰᠤᠲᠠᠨ ᠵᠢᠴᠢ ᠡᠪᠡᠳᠴᠢᠲᠡᠨ ᠵᠡᠷᠭᠡ ᠣᠨᠴᠠᠭᠠᠶ  ᠬᠦᠮᠦᠰ ᠤᠨ ᠬᠦᠴᠢᠷᠳᠡᠯ ᠢ ᠨᠢ  ᠰᠡᠶᠢᠳᠪᠦᠷᠢᠯᠡᠬᠦ  ᠂ ᠰᠠᠭᠤᠭᠠᠯᠢ ᠲᠣᠭᠤᠷᠢᠭ ᠤᠨ  ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ  ᠵᠡᠷᠭᠡ ᠠᠵᠢᠯ ᠳᠤ ᠢᠳᠡᠪᠬᠢᠳᠠᠢ  ᠬᠠᠮᠵᠢᠯᠴᠠᠵᠦ  ᠂ ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ ᠺᠠᠳ᠋ᠷᠴᠤᠳ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ᠂ ᠰᠠᠭᠤᠭᠠᠯᠢ ᠲᠣᠭᠤᠷᠢᠭ ᠤᠨ ᠤᠯᠠᠨ ᠲᠦᠮᠠᠨ ᠳᠤ  ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ ᠥᠭᠴᠡᠢ᠃         ᠨᠢᠭᠡ ᠤᠳᠠᠭᠠᠨ ᠤ  ᠤᠳᠤᠭ᠎ᠠ ᠦᠭᠡᠢ ᠳᠠᠶᠢᠨ  ᠨᠢ ᠤᠯᠠᠨ ᠲᠠᠯ᠎ᠠ ᠶᠢᠨ ᠬᠦᠴᠦᠨ ᠢ  ᠨᠢᠠᠠᠳᠠᠷᠠᠭᠤᠯᠵᠦ᠂ ᠬᠡᠮᠡᠷᠯᠢᠭ ᠲᠤᠭ ᠢᠶᠠᠷ  ᠲᠡᠳᠡᠨ ᠤ  ᠵᠢᠳᠬᠦᠯ ᠴᠢᠷᠮᠡᠶᠢᠯᠭ᠎ᠠ  ᠂  ᠬᠠᠷᠢᠭᠤᠴᠠᠯᠭ᠎ᠠ ᠡᠭᠦᠷᠭᠡᠯᠡᠯ  ᠢ  ᠲᠡᠮᠳᠡᠭᠯᠡᠵᠠᠢ᠃
 
ᠢᠷᠡᠯᠲᠡ᠄ ᠬᠠᠮ ᠵᠢᠭᠤᠴᠢᠯᠠᠭᠤᠷ ᠤᠨ ᠶᠠᠷᠦᠩᠬᠡᠶᠢᠯᠡᠭᠰᠡᠨ ᠷᠠᠳᠢᠤ᠋
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号