ᠮᠠᠨ ᠤ ᠬᠤᠲᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ ᠨᠡᠶᠢᠭᠡᠮ ᠲᠣᠭᠤᠷᠢᠭ ᠤᠨ ᠬᠠᠮᠢᠶᠠᠷᠤᠨ ᠡᠵᠡᠮᠳᠡᠬᠦ ᠠᠵᠢᠯ ᠢ ᠲᠤᠰᠬᠠᠢ ᠰᠡᠳᠦᠪ ᠢᠶᠠᠷ ᠰᠤᠳᠤᠯᠪᠠ
ᠨᠡᠶᠢᠲᠡᠯᠡᠭᠰᠡᠨ ᠴᠠᠭ᠄
2022/8/10
     8 ᠰᠠᠷ᠎ᠠ ᠶᠢᠨ 8 ᠤ ᠡᠳᠦᠷ᠂ ᠮᠠᠨ ᠤ ᠬᠤᠲᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠨᠡᠶᠢᠭᠡᠮ ᠲᠣᠭᠤᠷᠢᠭ ᠤᠨ ᠬᠠᠮᠢᠶᠠᠷᠤᠨ ᠡᠵᠡᠮᠳᠡᠬᠦ ᠠᠵᠢᠯ ᠢ ᠲᠤᠰᠬᠠᠢ ᠰᠡᠳᠦᠪ ᠢᠶᠠᠷ ᠰᠤᠳᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠰᠡᠭᠦᠯ ᠬᠤᠷᠢᠶᠠᠬᠤ ᠱᠠᠲᠤᠨ ᠤ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢᠦ ᡁᠢ ᠫᠢᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠪᠠ᠃ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠠᠨ ᠬᠤᠩ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠴᠣᠭᠵᠢᠯ ᠬᠤᠷᠠᠯ ᠳᠤ ᠣᠷᠣᠯᠴᠠᠪᠠ᠃
     ᠯᠥᠸᠧ ᠴᠢᠩ᠂ ᠡᠷᠢᠶᠡᠨ ᠬᠤᠲᠠ ᠶᠢᠨ ᠲᠣᠰ ᠡᠭᠡᠯᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠬᠡᠳᠦᠶᠢᠪᠡᠷ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠭᠡᠯ ᠣᠯᠣᠭᠰᠠᠨ ᠪᠣᠯᠪᠠᠴᠤ ᠮᠥᠨ ᠬᠦ ᠣᠮᠲᠣᠭᠠᠶᠢᠯᠠᠵᠤ ᠪᠣᠯᠣᠰᠢ ᠦᠭᠡᠢ ᠠᠶᠤᠯ ᠲᠦᠭᠰᠢᠭᠦᠷᠢ ᠶᠢᠨ ᠳᠠᠯᠳᠠ ᠬᠡᠮ ᠣᠷᠣᠰᠢᠵᠤ᠂ ᠨᠡᠶᠢᠭᠡᠮ ᠤᠨ ᠲᠠᠯ᠎ᠠ ᠪᠠ ᠲᠤᠰᠠᠭᠠᠷᠯᠠᠬᠤ ᠴᠢᠭ ᠤᠨ ︽ᠬᠤᠶᠠᠷ ᠢ ᠦᠭᠡᠶᠢᠰᠬᠡᠬᠦ︾ ᠬᠠᠷᠠᠯᠲᠠ ᠶᠢ ᠪᠡᠶᠡᠯᠡᠭᠦᠯᠬᠦ ᠡᠭᠦᠷᠭᠡ ᠬᠠᠲᠠᠭᠤ ᠪᠡᠷᠬᠡ ᠪᠠᠶᠢᠨ᠎ᠠ᠃ ᠰᠡᠷᠭᠡᠭ ᠲᠠᠨᠢᠯᠲᠠ ᠲᠠᠢ ᠪᠠᠶᠢᠵᠤ᠂ ᠮᠢᠨᠴᠦᠭᠦᠷᠡᠬᠦ ᠦᠵᠡᠯ ᠰᠠᠨᠠᠭ᠎ᠠ᠂ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ᠡᠭᠦᠨ ᠠᠴᠠ ᠡᠮᠦᠨᠡᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠭᠦᠯᠴᠢ ᠶᠢᠨ ᠱᠠᠲᠤᠨ ᠤ ᠲᠤᠷᠰᠢᠯᠭ᠎ᠠ ᠰᠤᠷᠭᠠᠮᠵᠢ ᠶᠢ ᠰᠢᠩᠭᠡᠬᠡᠨ ᠠᠪᠴᠤ᠂ ︽ᠲᠦᠷᠭᠡᠨ᠂ ᠴᠢᠩᠭ᠎ᠠ᠂ ᠨᠠᠷᠢᠯᠢᠭ᠂ ᠪᠣᠳᠠᠲᠠᠢ︾ ᠪᠠᠶᠢᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠴᠢᠩᠭ᠎ᠠ ᠰᠡᠷᠭᠡᠶᠢᠯᠡᠨ ᠰᠠᠬᠢᠵᠤ᠂ ᠭᠦᠨ ᠠᠭᠤᠳᠠᠯᠤᠨ ᠨᠠᠷᠢᠯᠢᠭ ᠪᠠᠶᠢᠴᠠᠭᠠᠵᠦ᠂ ︽ᠬᠥᠮᠥᠨ ᠢ ᠣᠷᠬᠢᠭᠳᠠᠭᠤᠯᠬᠤ ᠦᠭᠡᠢ᠂ ᠬᠠᠮᠢᠶᠠᠷᠤᠯᠲᠠ ᠪᠠᠨ ᠠᠯᠳᠠᠬᠤ ᠦᠭᠡᠢ︾ ᠪᠠᠶᠢᠬᠤ ᠶᠢ ᠪᠠᠲᠤᠯᠠᠬᠤ ᠬᠡᠷᠡᠭᠲᠡᠢ᠃ ︽ᠬᠤᠭᠤᠰᠤᠨ ᠴᠢᠭ︾ ᠪᠠ ︽ᠬᠤᠭᠤᠰᠤᠨ ᠭᠠᠵᠠᠷ︾ ᠢ ᠱᠠᠯᠠᠪᠳᠠᠨ ᠵᠢᠭᠰᠠᠭᠠᠨ ᠪᠠᠶᠢᠴᠠᠭᠠᠵᠤ᠂ ᠰᠢᠨ᠎ᠡ ᠪᠠᠷ ᠢᠯᠡᠷᠡᠭᠦᠯᠦᠭᠰᠡᠨ ᠴᠢᠬᠤᠯᠠ ᠴᠢᠭ ᠪᠠ ᠠᠵᠢᠯᠲᠠᠨ ᠤ ᠲᠣᠭᠤᠷᠢᠨ ᠳᠤ ᠠᠶᠤᠯ ᠲᠦᠭᠰᠢᠭᠦᠷᠢ ᠶᠢᠨ ᠬᠡᠮ ᠰᠣᠭᠤᠭ ᠢ ᠭᠦᠨᠵᠡᠭᠡᠢ ᠪᠥᠭᠡᠳ ᠨᠠᠷᠢᠨ ᠨᠢᠮᠪᠠᠢ ᠵᠢᠭᠰᠠᠭᠠᠨ ᠪᠠᠶᠢᠴᠠᠭᠠᠵᠤ᠂ ︽ᠤᠳᠠᠭᠠᠰᠢᠷᠠᠭᠤᠯᠬᠤ︾ ᠪᠠᠶᠢᠳᠠᠯ ᠭᠠᠷᠬᠤ ᠠᠴᠠ ᠬᠠᠮᠤᠭ ᠤᠨ ᠶᠡᠭᠡ ᠬᠡᠮᠵᠢᠶ᠎ᠡ ᠪᠠᠷ ᠵᠠᠶᠢᠯᠠᠰᠬᠢᠵᠦ᠂ ᠲᠣᠰ ᠡᠭᠡᠯᠵᠢ ᠶᠢᠨ ᠬᠢᠵᠢᠭ ᠤᠨ ᠪᠠᠶᠢᠳᠠᠯ ᠤᠨ ᠰᠡᠭᠦᠯ ᠬᠤᠷᠢᠶᠠᠬᠤ ᠱᠠᠲᠤᠨ ᠳᠤ ᠦᠷᠭᠦᠯᠵᠢᠯᠡᠨ ᠪᠦᠬᠦ ᠳᠠᠯ᠎ᠠ ᠪᠠᠷ ᠰᠠᠶᠢᠵᠢᠷᠠᠬᠤ ᠬᠠᠨᠳᠤᠰᠢ ᠲᠠᠢ ᠪᠠᠶᠢᠬᠤ ᠶᠢ ᠪᠠᠲᠤᠯᠠᠵᠤ᠂ ︽ᠬᠤᠶᠠᠷ ᠢ ᠦᠭᠡᠶᠢᠰᠬᠡᠬᠦ︾ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠵᠢᠭᠠᠵᠦ ᠭᠠᠷᠭᠠᠪᠠ᠃
   ᠯᠢᠦ ᡁᠢ ᠫᠢᠩ᠂ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠶᠢᠨ ᠨᠠᠮ ᠤᠨ ᠭᠡᠰᠢᠭᠦᠨ ᠺᠠᠳ᠋ᠷᠴᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠨᠥᠬᠦᠴᠡᠯ ᠦᠭᠡᠢ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠡᠯᠡᠭᠰᠡᠨ ᠢᠶᠠᠨ ᠬᠢᠵᠦ᠂ ᠲᠣᠭᠲᠠᠭᠠᠭᠰᠠᠨ ᠢᠶᠠᠨ ᠬᠢᠵᠦ᠂ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ᠃ ᠬᠠᠷᠢᠶ᠎ᠠ ᠣᠷᠣᠨ ᠤ ᠪᠣᠳᠠᠲᠠᠢ ᠪᠠᠶᠢᠭ᠎ᠠ ᠬᠥᠮᠥᠨ ᠠᠮᠠ ᠶᠢᠨ ᠰᠠᠭᠤᠷᠢ ᠲᠤᠭ᠎ᠠ ᠶᠢ ᠣᠨᠣᠪᠴᠢᠲᠠᠢ ᠣᠶᠢᠯᠠᠭᠠᠵᠤ᠂ ᠰᠠᠨᠠᠭᠠᠴᠢᠯᠠᠭ᠎ᠠ ᠠᠴᠠ ᠪᠠᠨ ᠡᠬᠡ ᠲᠠᠩᠰᠠ ᠪᠠᠨ ᠰᠢᠨᠡᠳᠬᠡᠵᠦ᠂ ᠬᠥᠳᠡᠯᠦᠩᠭᠦᠢ ᠬᠤᠪᠢᠷᠠᠯᠲᠠ ᠶᠢ ᠡᠵᠡᠮᠰᠢᠵᠦ᠂ ᠰᠠᠭᠤᠷᠢ ᠳᠤᠭ᠎ᠠ ᠶᠢ ᠲᠣᠳᠣᠷᠬᠠᠢ ᠪᠣᠯᠭᠠᠬᠤ ᠬᠡᠷᠡᠭᠲᠡᠢ᠃ ᠬᠠᠮᠢᠶᠠᠷᠤᠨ ᠡᠵᠡᠮᠳᠡᠬᠦ ᠶᠢ ᠤᠨᠢᠨ ᠳᠡᠭᠡᠷ᠎ᠡ ᠨᠢ ᠬᠡᠷᠡᠭᠵᠢᠭᠦᠯᠵᠦ᠂ 24 ᠴᠠᠭ ᠢᠶᠠᠷ ᠴᠢᠭ ᠲᠤ ᠰᠠᠭᠤᠵᠤ ᠵᠢᠵᠢᠭᠦᠷᠯᠡᠨ ᠰᠠᠬᠢᠬᠤ ᠶᠢ ᠴᠢᠩᠭ᠎ᠠ ᠬᠡᠷᠡᠭᠵᠢᠭᠦᠯᠵᠦ᠂ ᠰᠠᠭᠤᠭᠠᠯᠢ ᠠᠷᠠᠳ ᠤᠨ ᠪᠥᠭᠡᠮ ᠬᠦᠴᠢᠯ ᠤᠨ ᠦᠯᠢᠭᠡᠷ ᠠᠪᠬᠤ᠂ ᠲᠤᠬᠠᠢ ᠶᠢᠨ ᠭᠠᠵᠠᠷ ᠲᠤᠨᠢ ᠠᠷᠢᠭᠤᠳᠬᠠᠬᠤ᠂ ᠬᠤᠭ ᠨᠣᠪᠰᠢ ᠶᠢ ᠴᠡᠪᠡᠷᠯᠡᠨ ᠵᠥᠭᠡᠭᠡᠪᠦᠷᠢᠯᠡᠬᠦ᠂ ᠤᠯᠠᠨ ᠲᠦᠮᠡᠨ ᠳᠤ ᠦᠢᠯᠡᠴᠢᠯᠡᠬᠦ ᠵᠡᠷᠭᠡ ᠠᠵᠢᠯ ᠢ ᠡᠮᠬᠢ ᠵᠢᠷᠤᠮ ᠲᠠᠢ ᠥᠷᠨᠢᠭᠦᠯᠬᠦ ᠬᠡᠷᠡᠭᠲᠡᠢ᠃ ᠨᠠᠷᠢᠯᠢᠭ ᠣᠨᠣᠴᠠᠲᠠᠢ ᠪᠠᠷ ᠵᠣᠬᠢᠶᠠᠨ ᠪᠠᠶᠢᠭᠤᠯᠤᠨ ᠲᠣᠬᠢᠷᠠᠭᠤᠯᠵᠤ᠂ ᠪᠣᠭᠤᠮᠲᠠ᠂ ᠨᠡᠶᠢᠭᠡᠮ ᠤᠨ ᠲᠠᠯ᠎ᠠ᠂ ᠠᠭᠤᠯᠵᠠᠷ ᠬᠡᠰᠡᠭ ᠵᠡᠷᠭᠡ ᠭᠠᠵᠠᠷ ᠤᠨ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠵᠦ᠂ ︽ᠭᠤᠷᠪᠠ ᠶᠢ ᠬᠠᠮᠢᠶᠠᠷᠬᠤ ᠦᠭᠡᠢ ᠭᠠᠵᠠᠷ ᠣᠷᠣᠨ︾᠂ ᠬᠠᠷᠢᠯᠴᠠᠨ ᠲᠦᠯᠬᠢᠯᠴᠡᠬᠦ᠂ ᠬᠦᠯᠢᠶᠡᠬᠦ ᠳᠤ ᠲᠦᠰᠢᠭᠯᠡᠬᠦ ᠵᠡᠷᠭᠡ ᠦᠵᠡᠭᠳᠡᠯ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠢ᠃ ᠤᠨᠢᠨ ᠳᠡᠭᠡᠷ᠎ᠡ ᠨᠢ ᠬᠢᠨᠠᠯᠲᠠ ᠲᠠᠯᠪᠢᠬᠤ ᠶᠢ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠬᠢᠯᠭ᠎ᠠ ᠪᠠᠲᠤ ᠶᠢ ᠵᠥᠷᠢᠴᠡᠭᠰᠡᠨ᠂ ᠬᠠᠷᠢᠭᠤᠴᠠᠯᠭ᠎ᠠ ᠡᠭᠦᠷᠭᠡᠯᠡᠬᠦ ᠦᠭᠡᠢ ᠠᠵᠢᠯ ᠬᠢᠬᠦ ᠦᠭᠡᠢ ᠂ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠭᠰᠠᠨ ᠵᠡᠷᠭᠡ ᠬᠠᠤᠯᠢ ᠲᠣᠭᠲᠠᠭᠠᠯ ᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠶᠠᠭᠠᠬᠢᠭᠰᠠᠨ ᠴᠤ ᠢᠯᠳᠠᠷ ᠬᠠᠶᠠᠵᠤ ᠪᠣᠯᠬᠤ ᠦᠭᠡᠢ ᠭᠡᠵᠦ ᠱᠠᠭᠠᠷᠳᠠᠪᠠ᠃
     ᠯᠦ ᠪᠦᠦ ᠳ᠋ᠦᠩ ᠨᠡᠶᠢᠭᠡᠮ ᠲᠣᠭᠤᠷᠢᠭ ᠤᠨ ᠬᠠᠮᠢᠶᠠᠷᠤᠨ ᠡᠵᠡᠮᠳᠡᠬᠦ ᠠᠵᠢᠯ ᠢ ᠪᠠᠶᠢᠷᠢᠯᠠᠭᠤᠯᠬᠤ ᠳᠤ ᠪᠠᠨ᠂ ᠬᠠᠮᠢᠶᠠᠷᠤᠨ ᠡᠵᠡᠮᠳᠡᠬᠦ ᠪᠠᠷ ᠪᠠᠭᠤᠷᠠᠢ ᠣᠷᠣᠨ ᠭᠠᠵᠠᠷ ᠢ ᠵᠠᠳᠠᠯᠤᠨ ᠰᠤᠳᠤᠯᠵᠤ ᠮᠠᠭᠠᠳᠯᠠᠨ᠂ ᠠᠵᠢᠯ ᠤᠨ ᠲᠤᠰᠬᠠᠢ ᠠᠩᠭᠢ ᠵᠣᠬᠢᠶᠠᠨ ᠪᠠᠶᠢᠭᠤᠯᠵᠤ᠂ ᠪᠣᠳᠠᠲᠠᠢ ᠣᠷᠣᠰᠢᠨ ᠰᠠᠭᠤᠵᠤ ᠪᠠᠶᠢᠭ᠎ᠠ ᠬᠥᠮᠥᠨ ᠤ ᠲᠤᠭ᠎ᠠ ᠶᠢ ᠲᠣᠳᠣᠷᠬᠠᠢ ᠣᠶᠢᠯᠠᠭᠠᠨ᠂ ᠲᠥᠪᠯᠡᠷᠡᠨ ᠰᠠᠭᠤᠬᠤ᠂ ᠭᠡᠷ ᠲᠤᠨᠢ ᠬᠦᠷᠴᠦ ᠪᠥᠭᠡᠮ ᠬᠦᠴᠢᠯ ᠤᠨ ᠪᠠᠶᠢᠴᠠᠭᠠᠯᠳᠠ ᠬᠢᠬᠦ᠂ ᠪᠢᠲᠡᠭᠦᠮᠵᠢᠯᠡᠨ ᠬᠠᠮᠢᠶᠠᠷᠬᠤ᠂ ᠠᠷᠢᠭᠤᠳᠬᠠᠨ ᠠᠷᠢᠯᠭᠠᠬᠤ᠂ ᠴᠤᠭᠯᠠᠷᠠᠬᠤ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠬᠠᠷᠭᠤᠭᠤᠯᠤᠨ ᠪᠠᠶᠢᠴᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠪᠠᠲᠤᠯᠠᠵᠤ᠂ ᠨᠢᠭᠤᠨ ᠳᠠᠯᠳᠠᠯᠠᠵᠤ ᠬᠠᠯᠳᠠᠪᠤᠷᠢᠯᠠᠬᠤ ᠲᠦᠭᠰᠢᠭᠦᠷᠢ ᠶᠢ ᠠᠷᠢᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠪᠠᠬᠢᠵᠢᠭᠦᠯᠵᠦ᠂ ᠬᠢᠵᠢᠭ ᠤᠨ ᠪᠠᠶᠢᠳᠠᠯ ᠤᠨ ︽ᠨᠣᠴᠣᠬᠤ ᠴᠢᠭ︾ ᠰᠢᠨ᠎ᠡ ᠪᠠᠷ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠢ᠃ ᠵᠡᠭᠡᠯᠢ ᠳᠠᠭᠠᠭᠰᠠᠨ ᠳᠡᠯᠭᠡᠭᠦᠷ ᠪᠠ ᠬᠦᠢᠲᠡᠨ ᠬᠡᠯᠬᠢᠶᠡᠲᠦ ᠡᠵᠡᠩᠨᠡᠯᠲᠡ ᠶᠢᠨ ᠨᠢᠭᠡᠴᠡ ᠶᠢᠨ ᠠᠵᠢᠯᠯᠠᠭᠰᠠᠳ ᠤᠨ ᠪᠥᠭᠡᠮ ᠬᠦᠴᠢᠯ ᠤᠨ ᠥᠯᠢᠭᠡᠷ ᠠᠪᠬᠤ ᠳᠤ ᠣᠷᠣᠯᠴᠠᠭᠰᠠᠨ ᠪᠠᠶᠢᠳᠠᠯ ᠢ ᠲᠣᠭᠤᠷᠢᠨ ᠪᠠᠶᠢᠴᠠᠭᠠᠵᠤ ᠂ ᠴᠣᠭᠯᠠᠷᠠᠬᠤ ᠶᠢ ᠰᠡᠷᠭᠡᠶᠢᠯᠡᠬᠦ᠂ ᠠᠮᠠᠪᠴᠢ ᠵᠡᠭᠦᠬᠦ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠳᠤ ᠪᠠᠶᠢᠴᠠᠭᠠᠬᠤ ᠴᠢᠬᠤᠯᠠᠲᠠᠢ ᠶᠢ  ᠨᠢ ᠴᠥᠮ ᠪᠠᠶᠢᠴᠠᠭᠠᠵᠤ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ ᠪᠠᠶᠢᠬᠤ ᠶᠢ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷ ᠢ ᠦᠨᠡᠨ ᠬᠦ ᠨᠢᠭᠲᠠ ᠪᠥᠭᠡᠳ ᠪᠠᠲᠤ ᠰᠦᠯᠵᠢᠬᠦ ᠬᠡᠷᠡᠭᠲᠡᠢ ᠭᠡᠵᠦ ᠵᠢᠭᠠᠵᠦ ᠭᠠᠷᠭᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号