ᠯᠢᠦ ᡁᠢ ᠫᠢᠩ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ  ᠶᠢᠨ ᠬᠤᠷᠠᠯ  ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/11
      8 ᠰᠠᠷ᠎ᠠ ᠶᠢᠨ 9 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢᠦ ᡁᠢ ᠫᠢᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠡᠶᠢᠭᠡᠮ ᠲᠣᠭᠤᠷᠢᠭ ᠲᠤ ᠬᠤᠴᠣᠷᠤᠭᠰᠠᠨ ᠵᠢᠴᠢ ᠭᠠᠳᠠᠭᠰᠢ ᠭᠠᠷᠬᠤ ᠬᠡᠷᠡᠭᠴᠡᠭᠡ ᠲᠠᠢ ᠬᠥᠮᠥᠰ ᠤᠨ ᠬᠤᠲᠠ ᠠᠴᠠ ᠭᠠᠷᠬᠤ᠂  ᠨᠢᠭᠳᠠ ᠬᠦᠷᠦᠯᠴᠡᠭᠰᠡᠳ᠂  ᠰᠣᠯᠠ ᠬᠦᠷᠦᠯᠴᠡᠭᠰᠡᠳ ᠤᠨ ᠲᠤᠰᠠᠭᠠᠷᠯᠠᠯ ᠠᠴᠠ ᠭᠠᠷᠬᠤ᠂ ᠠᠷᠭ᠎ᠠ ᠴᠢᠨᠠᠷᠲᠠᠢ ᠡᠪᠡᠳᠴᠢᠲᠡᠨ ᠢ ᠥᠷᠥᠭᠡᠨ ᠠᠴᠠ ᠭᠠᠷᠭᠠᠬᠤ ᠠᠵᠢᠯ ᠤᠨ ᠲᠥᠰᠥᠯ ᠢ ᠰᠤᠳᠤᠯᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠯᠦ ᠪᠦᠦ ᠳ᠋ᠦᠩ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠨ ᠬᠤᠩ ᠬᠤᠷᠠᠯ ᠳᠤ ᠣᠷᠣᠯᠴᠠᠪᠠ᠃
    ᠬᠤᠷᠠᠯ ᠠᠴᠠ᠂ ᠡᠯ᠎ᠡ ᠳᠠᠭᠠᠭᠠᠴᠢᠯᠠᠨ ᠬᠠᠷᠢᠭᠤᠴᠠᠭᠰᠠᠨ ᠤᠳᠤᠷᠢᠳᠤᠯᠭ᠎ᠠ᠂ ᠠᠵᠢᠯᠯᠠᠬᠤ ᠳᠤᠭᠤᠶᠢᠯᠠᠩ᠂ ᠲᠤᠰᠬᠠᠢ ᠠᠩᠭᠢ᠂ ᠳᠠᠭᠠᠭᠠᠴᠢᠯᠠᠨ ᠬᠠᠷᠢᠭᠤᠴᠠᠭᠰᠠᠨ ᠨᠢᠭᠡᠴᠡ᠂ ᠨᠡᠶᠢᠭᠡᠮ ᠲᠣᠭᠤᠷᠢᠭ ᠰᠤᠮᠤ ᠶᠢᠨ ᠬᠢᠨ ᠬᠠᠮᠵᠢᠯᠴᠠᠬᠤ ᠪᠠᠨ ᠴᠢᠩᠭᠠᠳᠬᠠᠵᠤ᠂ ᠵᠠᠪᠰᠠᠷ ᠦᠭᠡᠢ ᠵᠣᠯᠭᠠᠭᠤᠯᠬᠤ ᠶᠢ ᠰᠠᠶᠢᠲᠤᠷ ᠬᠢᠵᠦ᠂ ᠨᠢᠭᠡᠨᠲᠡ ᠲᠣᠭᠲᠠᠭᠠᠭᠰᠠᠨ ᠠᠷᠭ᠎ᠠ ᠬᠡᠮᠵᠢᠶ᠎ᠡ ᠶᠢ ᠴᠢᠩᠭ᠎ᠠ ᠪᠥᠭᠡᠳ ᠴᠢᠩᠭ᠎ᠠ᠂ ᠪᠣᠳᠠᠲᠠᠢ ᠪᠥᠭᠡᠳ ᠪᠣᠳᠠᠲᠠᠢ᠂ ᠨᠠᠷᠢᠯᠢᠭ ᠪᠥᠭᠡᠳ ᠨᠠᠶᠢᠳᠠᠪᠤᠷᠢᠵᠢᠭᠤᠯᠵᠤ᠂ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠪᠠᠨ ᠡᠭᠦᠷᠭᠡᠯᠡᠵᠦ᠂ ᠠᠵᠢᠯ ᠨᠢᠭᠡᠪᠦᠷᠢ᠂ ᠭᠤᠭᠴᠤᠭ᠎ᠠ ᠨᠢᠭᠡᠪᠦᠷᠢ ᠶᠢ ᠴᠥᠮ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠠᠯᠬᠤᠮ ᠠᠯᠬᠤᠮ ᠢᠶᠠᠷ ᠰᠠᠶᠢᠵᠢᠷᠠᠭᠤᠯᠬᠤ ᠶᠢ  ᠪᠠᠲᠤᠯᠠᠬᠤ ᠬᠡᠷᠡᠭᠲᠡᠢ ᠭᠡᠵᠦ ᠵᠢᠭᠠᠪᠣᠷᠢᠯᠠᠪᠠ᠃
    ᠬᠤᠷᠠᠯ ᠠᠴᠠ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠶᠠᠪᠤᠴᠠ ᠶᠢ ᠨᠠᠷᠢᠯᠢᠭᠵᠢᠭᠤᠯᠵᠤ᠂ ᠬᠥᠮᠥᠨ ᠢᠶᠠᠷ ᠦᠨᠳᠦᠰᠦ ᠪᠣᠯᠭᠠᠬᠤ᠂ ᠠᠮᠤᠷ ᠲᠦᠪᠰᠢᠨ ᠢ ᠳᠡᠭᠡᠳᠦᠯᠡᠬᠦ ᠶᠢ ᠪᠠᠷᠢᠮᠲᠠᠯᠠᠵᠤ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ᠂ ᠡᠷᠡᠭᠦᠯ ᠮᠡᠨᠳᠦ ᠶᠢ ᠬᠢᠨᠠᠨ ᠬᠡᠮᠵᠢᠬᠦ᠂ ᠤᠬᠠᠭᠤᠯᠤᠨ ᠲᠠᠶᠢᠯᠪᠤᠷᠢᠯᠠᠬᠤ ᠵᠡᠷᠭᠡ ᠠᠵᠢᠯ ᠢ ᠰᠠᠶᠢᠲᠤᠷ ᠬᠢᠵᠦ᠂ ᠵᠣᠷᠢᠭᠰᠠᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠲᠠᠢ ᠴᠠᠭ ᠲᠤᠬᠠᠢ ᠳᠤᠨᠢ ᠨᠡᠪᠲᠡᠷᠡᠯᠴᠡᠨ ᠵᠣᠯᠭᠠᠭᠤᠯᠵᠤ᠂ ᠨᠡᠶᠢᠭᠡᠮ ᠲᠣᠭᠤᠷᠢᠭ ᠲᠤ ᠰᠠᠭᠠᠲᠠᠭᠰᠠᠨ ᠵᠢᠴᠢ ᠭᠠᠳᠠᠭᠰᠢ ᠭᠠᠷᠬᠤ ᠬᠡᠷᠡᠭᠴᠡᠭᠡ ᠲᠠᠢ ᠬᠥᠮᠥᠰ ᠤᠨ ᠬᠤᠳᠠ ᠠᠴᠠ ᠭᠠᠷᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠲᠥᠪᠯᠡᠷᠡᠭᠦᠯᠦᠨ ᠰᠢᠯᠵᠢᠭᠦᠯᠦᠨ ᠲᠡᠭᠡᠭᠡᠪᠦᠷᠢᠯᠡᠬᠦ ᠴᠢᠬᠤᠯᠠᠲᠠᠢ ᠨᠡᠶᠢᠭᠡᠮ ᠲᠣᠭᠤᠷᠢᠭ ᠤᠨ ᠦᠯᠡᠳᠡᠭᠰᠡᠨ ᠬᠥᠮᠥᠰ ᠤᠨ ᠪᠠᠶᠢᠳᠠᠯ ᠢ ᠲᠣᠳᠣᠷᠬᠠᠢ ᠣᠶᠢᠯᠠᠭᠠᠵᠤ᠂ ᠲᠥᠰᠥᠯ ᠢᠶᠠᠨ ᠨᠠᠷᠢᠯᠢᠭᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ ᠪᠥᠬᠦ ᠲᠠᠯ᠎ᠠ ᠪᠠᠷ ᠰᠠᠶᠢᠲᠤᠷ ᠪᠡᠯᠡᠳᠬᠡᠯ ᠬᠢᠬᠦ ᠬᠡᠷᠡᠭᠲᠡᠢ᠃ ᠬᠢᠵᠢᠭ ᠤᠨ ᠪᠠᠶᠢᠳᠠᠯ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠨᠢᠭᠡᠳᠦᠯᠲᠡᠢ ᠲᠥᠯᠥᠪᠵᠢᠭᠦᠯᠦᠨ ᠬᠠᠮᠢᠶᠠᠷᠴᠤ ᠰᠠᠶᠢᠲᠤᠷ ᠬᠠᠮᠢᠶᠠᠷᠴᠤ᠂ ᠶᠠᠷᠢᠶ᠎ᠠ ᠬᠡᠯᠡᠯᠴᠡᠭᠡᠨ ᠤ ᠵᠢᠯᠣᠭᠤᠳᠤᠯᠭ᠎ᠠ ᠶᠢ ᠴᠢᠩᠭᠠᠳᠬᠠᠵᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠬᠥᠭᠡᠷᠭᠡᠳᠡᠬᠦ ᠠᠴᠠ ᠰᠡᠷᠭᠡᠶᠢᠯᠡᠬᠦ ᠬᠡᠷᠡᠭᠲᠡᠢ᠃
     ᠬᠤᠷᠠᠯ ᠠᠴᠠ᠂ ᠲᠤᠰᠠᠭᠠᠷᠯᠠᠯ ᠢ ᠬᠦᠴᠦᠨ ᠦᠭᠡᠢ ᠪᠣᠯᠭᠠᠬᠤ᠂ ᠠᠵᠢᠯᠯᠠᠭᠠᠨ ᠢ ᠲᠤᠰᠢᠶᠠᠬᠤ ᠪᠠ ᠭᠥᠯᠢᠶᠡᠨ ᠠᠪᠬᠤ᠂ ᠡᠷᠡᠭᠦᠯ ᠮᠡᠨᠳᠦ ᠶᠢ ᠬᠢᠨᠠᠨ ᠬᠡᠮᠵᠢᠬᠦ ᠵᠡᠷᠭᠡ ᠠᠵᠢᠯ ᠢ ᠯᠠᠪᠳᠠᠭᠤᠨ ᠪᠥᠭᠡᠳ ᠵᠢᠷᠤᠮᠵᠢᠭᠤᠯᠤᠨ ᠰᠠᠶᠢᠲᠤᠷ ᠬᠢᠵᠦ ᠂ ᠲᠤᠰᠠᠭᠠᠷᠯᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠷᠡᠭᠦᠯ ᠮᠡᠨᠳᠦ ᠶᠢᠨ ᠪᠠᠶᠢᠳᠠᠯ ᠢ ᠨᠢᠭᠲᠠ ᠠᠩᠬᠠᠷᠴᠤ᠂ ᠲᠤᠰᠠᠭᠠᠷᠯᠠᠬᠤ ᠴᠢᠭ ᠤᠨ ᠬᠠᠮᠢᠶᠠᠷᠤᠯᠲᠠ ᠶᠢ ᠴᠢᠩᠭᠠᠳᠬᠠᠨ᠂ ᠬᠢᠵᠢᠭ ᠤᠨ ᠪᠠᠶᠢᠳᠠᠯ ᠤᠨ ᠳᠡᠯᠭᠡᠷᠡᠬᠦ ᠠᠶᠤᠯ ᠲᠦᠭᠰᠢᠭᠦᠷᠢ ᠶᠢᠨ ᠭᠡᠮ ᠰᠣᠭᠤᠭ ᠢ ᠡᠷᠡᠰ ᠠᠷᠢᠯᠭᠠᠬᠤ ᠬᠡᠷᠡᠭᠲᠡᠢ᠃ ᠠᠷᠭ᠎ᠠ ᠶᠢᠨ ᠴᠢᠨᠠᠷᠲᠠᠢ ᠬᠠᠯᠳᠠᠪᠤᠷᠢᠯᠠᠭᠰᠠᠳ ᠤᠨ ᠥᠷᠥᠭᠡᠨ ᠠᠴᠠ ᠭᠠᠷᠬᠤ ᠴᠤᠪᠤᠷᠠᠯ᠂ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠬᠠᠯᠳᠠᠪᠤᠷᠢᠯᠠᠬᠤ ᠲᠦᠭᠰᠢᠭᠦᠷᠢ ᠦᠭᠡᠢ ᠪᠠᠶᠢᠬᠤ ᠶᠢ ᠪᠠᠶᠢᠴᠠᠭᠠᠨ ᠦᠨᠡᠯᠡᠭᠰᠡᠨ ᠤ ᠳᠠᠷᠠᠭ᠎ᠠ᠂ ᠡᠷᠡᠭᠦᠯ ᠮᠡᠨᠳᠦ ᠶᠢ ᠮᠡᠳᠡᠭᠳᠡᠬᠦ ᠵᠢᠴᠢ ᠪᠡᠶ᠎ᠡ ᠳᠡᠭᠡᠨ ᠠᠪᠴᠤ ᠶᠠᠪᠤᠬᠤ ᠡᠳ᠋ ᠪᠣᠳᠠᠰ᠂ ᠬᠤᠪᠴᠠᠰᠤ ᠬᠤᠨᠠᠷ ᠢ ᠠᠷᠢᠭᠤᠳᠬᠠᠬᠤ ᠵᠡᠷᠭᠡ ᠠᠵᠢᠯ ᠢ ᠰᠠᠶᠢᠲᠤᠷ ᠬᠢᠵᠦ᠂ ᠠᠷᠭ᠎ᠠ ᠶᠢᠨ ᠴᠢᠨᠠᠷᠲᠠᠢ ᠬᠠᠯᠳᠠᠪᠤᠷᠢᠯᠠᠭᠰᠠᠳ ᠤᠨ ᠪᠢᠯᠢᠭ  ᠪᠣᠯᠵᠤ ᠭᠠᠷᠤᠭᠰᠠᠨ ᠤ ᠳᠠᠷᠠᠭ᠎ᠠ ᠲᠤᠰᠠᠭᠠᠷᠯᠠᠬᠤ ᠪᠠᠭᠤᠳᠠᠯ ᠳᠤ ᠬᠦᠷᠴᠦ ᠲᠥᠪᠯᠡᠷᠡᠩᠭᠦᠢ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ ᠶᠢ ᠡᠮᠬᠢ ᠵᠢᠷᠤᠮ ᠲᠠᠢ ᠲᠣᠬᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号