ᠡᠷᠢᠶᠡᠨ  ᠬᠤᠳᠠ ᠠᠷᠪᠠᠨ ᠨᠢᠭᠡᠳᠦᠭᠡᠷ ᠡᠭᠡᠯᠵᠢ ᠶᠢᠨ ᠣᠷᠣᠨ ᠲᠤᠭᠤᠷᠢᠭ ᠤᠨ ᠪᠥᠭᠡᠮ ᠬᠦᠴᠢᠯ ᠤᠨ  ᠰᠢᠯᠭᠠᠨ ᠪᠠᠶᠢᠴᠠᠭᠠᠯᠳᠠ ᠬᠢᠭᠰᠡᠨ
ᠨᠡᠶᠢᠲᠡᠯᠡᠭᠰᠡᠨ ᠴᠠᠭ᠄
2022/8/11
ᠡᠷᠢᠶᠡᠨ  ᠬᠤᠳᠠ   ᠶᠢᠨ  ᠶᠡᠷᠦᠩᠬᠡᠶᠢᠯᠬᠠᠰᠡᠨ ᠷᠠᠳᠢᠣ᠋ ᠶᠢᠨ  ᠰᠤᠷᠪᠤᠯᠵᠢᠯᠠᠭᠴᠢ  ᠪᠦᠷᠢᠩᠭᠤᠸ᠎ᠠ   ᠶᠢᠨ  ᠮᠡᠳᠡᠭᠡᠯᠡᠭᠰᠡᠨ  ᠢᠶᠠᠷ᠄ᠡᠷᠢᠶᠡᠨ  ᠬᠤᠳᠠ ᠠᠷᠪᠠᠨ ᠨᠢᠭᠡᠳᠦᠭᠡᠷ ᠡᠭᠡᠯᠵᠢ ᠶᠢᠨ ᠣᠷᠣᠨ ᠲᠤᠭᠤᠷᠢᠭ ᠤᠨ ᠪᠥᠭᠡᠮ ᠬᠦᠴᠢᠯ ᠤᠨ  ᠰᠢᠯᠭᠠᠨ ᠪᠠᠶᠢᠴᠠᠭᠠᠯᠳᠠ ᠬᠢᠭᠰᠡᠨ        ᠣᠷᠣᠨ  ᠲᠤᠭᠤᠷᠢᠭ ᠤᠨ ᠪᠥᠭᠡᠮ ᠬᠦᠴᠢᠯ ᠤᠨ  ᠰᠢᠯᠭᠠᠨ ᠪᠠᠶᠢᠴᠠᠭᠠᠯᠳᠠ ᠶᠢ ᠲᠦᠯᠬᠢᠨ ᠠᠬᠢᠭᠤᠯᠵᠤ᠂ ᠨᠢᠭᠡ ᠡᠷᠦᠬᠡ ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ ᠪᠠᠶᠢᠬᠤ ᠶᠢ  ᠪᠠᠲᠤᠯᠠᠬᠤ ᠶᠢᠨ ᠲᠥᠯᠥᠭᠡ᠂  8 ᠰᠠᠷ᠎ᠠ ᠶᠢᠨ 10 ᠤ ᠡᠳᠦᠷ᠂ ᠡᠷᠢᠶᠡᠨ  ᠬᠤᠲᠠ  ᠠᠷᠪᠠᠨ ᠨᠢᠭᠡᠳᠦᠭᠡᠷ ᠡᠭᠡᠯᠵᠢ ᠶᠢᠨ ᠣᠷᠣᠨ ᠲᠤᠭᠤᠷᠢᠭ ᠤᠨ ᠪᠥᠭᠡᠮ ᠬᠦᠴᠢᠯ ᠤᠨ  ᠰᠢᠯᠭᠠᠨ ᠪᠠᠶᠢᠴᠠᠭᠠᠯᠳᠠ ᠬᠢᠪᠡ᠃         ᠺᠤᠲ ᠰᠢᠷᠪᠢᠬᠦ  ᠂ ᠪᠥᠭᠡᠮ ᠬᠦᠴᠢᠯ ᠤᠨ ᠥᠯᠢᠭᠡᠷ  ᠡᠳ᠋ ᠠᠪᠬᠤ᠂  ᠬᠠᠶᠢᠷᠴᠠᠭ ᠢ ᠪᠢᠲᠡᠭᠦᠮᠵᠢᠯᠡᠬᠦ  ᠵᠡᠷᠭᠡ ᠶᠠᠪᠤᠴᠠ ᠳᠤ᠂  ᠥᠯᠢᠭᠡᠷ  ᠡᠳ᠋ ᠠᠪᠬᠤ ᠴᠡᠭ ᠤᠨ ᠠᠵᠢᠯᠲᠠᠳ ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ  ᠲᠥᠰᠥᠯ ︵ᠶᠢᠰᠦᠳᠦᠭᠡᠷ  ᠬᠡᠪᠯᠡᠯ︶︾ ᠢ  ᠬᠡᠷᠡᠭᠵᠢᠭᠦᠯᠵᠦ᠂ ᠪᠥᠭᠡᠮ ᠬᠦᠴᠢᠯ ᠤᠨ  ᠰᠢᠯᠭᠠᠨ ᠪᠠᠶᠢᠴᠠᠭᠠᠯᠳᠠ ᠶᠢᠨ ᠠᠵᠢᠯ ᠢ ᠵᠢᠷᠤᠮᠵᠢᠭᠤᠯᠤᠨ  ᠦᠷᠨᠢᠭᠦᠯᠵᠠᠢ᠃ ᠳᠠᠭᠠᠭᠠᠴᠢᠯᠠᠨ ᠬᠠᠷᠢᠴᠠᠬᠤ ᠪᠠᠶᠢᠭᠤᠯᠭ᠎ᠠ ᠶᠢᠨ ᠠᠵᠢᠯᠲᠠᠨ᠂ ᠨᠡᠶᠢᠭᠡᠮ ᠲᠣᠭᠤᠷᠢᠭ ᠤᠨ  ᠲᠤᠤᠷᠵᠢᠭᠤᠯᠤᠨ ᠬᠠᠮᠢᠶᠠᠷᠬᠤ ᠠᠵᠢᠯᠲᠠᠨ᠂ ᠰᠠᠶᠢᠨ  ᠲᠤᠷᠠᠴᠢᠳ ᠣᠯᠠᠨ ᠢ ᠵᠣᠬᠢᠶᠠᠨ ᠪᠠᠶᠢᠭᠤᠯᠤᠨ  ᠨᠢᠭᠡ ᠮᠧᠲᠷ ᠤᠨ ᠵᠠᠢ ᠶᠢ ᠪᠠᠲᠤᠯᠠᠵᠤ᠂ ᠺᠣᠳ᠋ ᠰᠢᠷᠪᠢᠵᠦ ᠮᠡᠳᠡᠭᠡ ᠵᠠᠩᠭᠢ  ᠴᠤᠠᠠᠯᠠᠭᠤᠯᠵᠦ᠂ ᠪᠦᠬᠦᠶᠢᠯᠡ ᠠᠵᠢᠯ ᠡᠮᠬᠢ ᠵᠢᠷᠤᠮᠲᠠᠢ ᠶᠠᠪᠤᠠᠠᠳᠠᠵᠦ ᠪᠠᠶᠢᠯ᠎ᠠ᠃           ᠤᠯᠠᠨ ᠤᠳᠠᠭᠠᠨ ᠤ ᠪᠥᠭᠡᠮ ᠬᠦᠴᠢᠯ ᠤᠨ ᠥᠯᠢᠭᠡᠷ  ᠡᠳ᠋ ᠠᠪᠬᠤ ᠪᠠᠷ ᠳᠡᠮᠵᠢᠨ᠂   ᠰᠠᠭᠤᠭᠠᠯᠢ ᠠᠷᠠᠳ ᠢᠳᠡᠪᠬᠢᠳᠠᠢ ᠬᠠᠮᠵᠢᠯᠴᠠᠵᠦ᠂   ᠮᠡᠳᠡᠭᠳᠡᠯ ᠢ ᠣᠯᠣᠭᠰᠠᠨ ᠤ ᠳᠠᠷᠠᠭ᠎ᠠ᠂ ᠲᠡᠷᠡ ᠳᠠᠷᠤᠢ ᠳᠤᠨᠢ ᠥᠯᠢᠭᠡᠷ  ᠡᠳ᠋ ᠠᠪᠬᠤ ᠴᠡᠭ ᠲᠤ ᠬᠦᠷᠴᠦ᠂ ᠡᠮᠬᠢ ᠵᠢᠷᠤᠮ ᠲᠠᠢ ᠪᠠᠷ ᠮᠥᠷᠯᠡᠨ  ᠂ ᠥᠯᠢᠭᠡᠷ  ᠡᠳ᠋ ᠠᠪᠬᠤ ᠬᠤᠷᠳᠤᠴᠠ  ᠮᠡᠳᠡᠭᠳᠡᠮ᠎ᠡ ᠳᠡᠭᠡᠭᠰᠢᠯᠡᠪᠡ᠃            ᠡᠭᠦᠨ ᠤ  ᠬᠠᠮᠳᠦ  ᠂ ︽ᠪᠠᠶᠢᠴᠠᠭᠠᠬᠤ ᠶᠣᠰᠣᠲᠠᠢ ᠶᠢ ᠨᠢ ᠴᠥᠮ  ᠪᠠᠶᠢᠴᠠᠭᠠᠵᠦ  ︾ ᠂ ᠲᠦᠷᠭᠡᠨ᠂ ᠣᠨᠣᠪᠴᠢᠲᠠᠶ᠂ ᠥᠨᠳᠥᠷ ᠪᠦᠲᠦᠮᠵᠢᠲᠡᠶ ᠪᠠᠶᠢᠬᠤ ᠶᠢ ᠪᠠᠲᠤᠯᠠᠬᠤ ᠶᠢᠨ ᠲᠥᠯᠥᠭᠡ᠂  ᠨᠠᠰᠤᠳᠠᠶᠢᠴᠤᠳ᠂  ᠵᠡᠮᠳᠡᠭᠴᠤᠳ  ᠂ ᠭᠡᠷ  ᠲᠤ ᠪᠠᠨ ᠲᠤᠰᠭᠠᠷᠯᠬᠠᠳᠠᠵᠦ ᠪᠠᠶᠢᠭ᠎ᠠ ᠬᠦᠮᠦᠰ   ᠲᠤ ᠭᠡᠷ ᠲᠤ ᠨᠢ ᠬᠦᠷᠴᠦ   ᠦᠯᠢᠭᠡᠷ ᠡᠳ᠋  ᠠᠪᠬᠤ ᠤᠶᠢᠯᠡᠴᠢᠯᠡᠭᠡ ᠬᠠᠩᠭᠠᠵᠦ ᠪᠠᠶᠢᠨ᠎ᠠ᠃              ᠰᠤᠷᠪᠤᠯᠵᠢᠯᠠᠭᠴᠢ ᠡᠬᠡ ᠪᠢᠴᠢᠭ  ᠪᠠᠨ ᠨᠠᠶᠢᠳᠡᠯᠠᠬᠦ ᠪᠤᠯᠳᠠᠯ᠎ᠠ᠂  ᠡᠷᠢᠶᠡᠨ  ᠬᠤᠲᠠ  ᠶᠢᠨ ᠠᠷᠪᠠᠨ ᠨᠢᠭᠡᠳᠦᠭᠡᠷ ᠡᠭᠡᠯᠵᠢ ᠶᠢᠨ ᠣᠷᠣᠨ  ᠲᠤᠭᠤᠷᠢᠭ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ 61962 ᠬᠥᠮᠥᠨ  ᠠᠴᠠ ᠪᠥᠭᠡᠮ ᠬᠦᠴᠢᠯ ᠤᠨ ᠥᠯᠢᠭᠡᠷ  ᠡᠳ᠋ ᠠᠪᠴᠤ᠂ 61946  ᠬᠥᠮᠥᠨ  ᠤ ᠰᠢᠯᠭᠠᠨ  ᠪᠠᠶᠢᠴᠠᠭᠠᠯᠳᠠ ᠶᠢ ᠬᠦᠷᠭᠡᠵᠦ᠂ 13042 ᠬᠥᠮᠥᠨ ᠤ ᠦᠷ᠎ᠡ ᠳ᠋ᠦᠩ  ᠢ  ᠨᠡᠶᠢᠳᠡᠯᠡᠵᠦ  ᠂ ᠴᠥᠮ ᠪᠢᠯᠢᠭ ᠴᠢᠨᠠᠷᠲᠠᠢ  ᠪᠠᠶᠢᠨ᠎ᠠ᠃            ᠡᠮᠦᠨ᠎ᠡ ᠹᠷᠣᠨᠲ ᠲᠤ ᠡᠷᠡᠯᠬᠡᠭᠯᠡᠨ ᠠᠵᠢᠯᠯᠠᠵᠤ ᠪᠠᠶᠢᠭ᠎ᠠ ᠡᠮᠨᠡᠯᠭᠡ ᠶᠢᠨ ᠠᠵᠢᠯᠲᠠᠳ᠂ ᠰᠠᠶᠢᠨ  ᠲᠤᠷᠠᠴᠢᠳ᠂  ᠰᠠᠭᠤᠭᠠᠯᠢ ᠠᠷᠠᠳ ᠬᠠᠮᠲᠤ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠰᠡᠷᠭᠡᠶᠢᠯᠡᠯᠲᠡ ᠶᠢᠨ ᠱᠤᠭᠤᠮ ᠢ  ᠪᠠᠶᠢᠭᠤᠯᠵᠠᠢ᠃  ᠬᠤᠲᠠ   ᠶᠢᠨ ᠠᠷᠠᠳ  ᠲᠣᠭᠲᠠᠭᠠᠯ   ᠢ ᠦᠷᠭᠦᠯᠵᠢᠯᠡᠨ ᠴᠢᠩᠭ᠎ᠠ ᠬᠡᠷᠡᠭᠵᠢᠭᠦᠯᠵᠦ᠂  ᠬᠠᠮᠠᠭᠠᠯᠠᠯᠲᠠ ᠪᠠᠨ ᠴᠢᠩᠭᠠᠳᠬᠠᠨ᠂ ᠰᠡᠳᠬᠢᠯ   ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠪᠡᠷᠬᠡ   ᠶᠢ ᠬᠠᠮᠲᠤ ᠪᠠᠷ ᠳᠤᠭᠤᠯᠵᠤ᠂ ᠬᠢᠵᠢᠭ ᠤᠨ ᠪᠠᠶᠢᠳᠠᠯ   ᠢ ᠰᠡᠷᠭᠡᠶᠢᠯᠡᠨ ᠡᠵᠡᠮᠳᠡᠬᠦ ᠳᠠᠶᠢᠨ ᠤ ᠢᠯᠠᠯᠲᠠ   ᠶᠢ ᠲᠡᠮᠡᠴᠡᠨ ᠣᠯᠬᠤ   ᠶᠢ ᠬᠦᠰᠡᠵᠦ ᠪᠠᠶᠢᠨ᠎ᠠ ᡽᠃
 
ᠢᠷᠡᠯᠲᠡ᠄ ᠬᠠᠮ ᠵᠢᠭᠤᠴᠢᠯᠠᠭᠤᠷ ᠤᠨ ᠶᠠᠷᠦᠩᠬᠡᠶᠢᠯᠡᠭᠰᠡᠨ ᠷᠠᠳᠢᠤ᠋
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号