︽ ᠪᠦᠬᠦᠳᠠᠣᠯᠠᠨ ᠢᠶᠠᠷ ᠢᠶᠠᠨ ᠰᠡᠳᠬᠢᠯ ᠨᠢᠭᠡᠳᠴᠦ ᠬᠢᠵᠢᠭ ᠤᠨ ᠪᠠᠶᠢᠳᠠᠯ ᠢ ᠡᠰᠡᠷᠬᠦᠴᠡᠶᠡ︾ ᠮᠠᠨ ᠤ ᠬᠤᠲᠠ ᠶᠢᠨ | ᠭᠠᠳᠠᠭᠰᠢ ᠭᠠᠷᠴᠤ ᠰᠤᠷᠤᠯᠴᠠᠵᠤ ᠪᠠᠶᠢᠭ᠎ᠠ ᠰᠤᠷᠤᠭᠴᠢᠳ ᠠᠩᠬᠠᠷᠤᠯ ᠳᠤ ᠪᠠᠨ ᠠᠪᠣᠭᠠᠷᠠᠢ︕ ᠲᠦᠷᠪᠡᠨ | ᠨᠥᠬᠦᠴᠡᠯ ᠢ ᠬᠠᠩᠭᠠᠪᠠᠯ ᠬᠤᠳᠠ ᠠᠴᠠ ᠭᠠᠷᠴᠤ ᠪᠣᠯᠣᠨ᠎ᠠ | | 8 ᠰᠠᠷ᠎ᠠ ᠶᠢᠨ 10 ᠤ ᠡᠳᠦᠷ᠂ ᠰᠤᠷᠪᠤᠯᠵᠢᠯᠠᠭᠴᠢ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ 24 ᠳ᠋ᠣᠭᠡᠷ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠨᠢ᠂ | ᠰᠤᠷᠤᠭᠴᠢᠳ ᠤᠳᠠᠯ ᠦᠭᠡᠢ ᠰᠤᠷᠭᠠᠭᠤᠯᠢ ᠡᠬᠢᠯᠡᠬᠦ ᠭᠡᠵᠦ ᠪᠠᠶᠢᠨ᠎ᠠ᠂ ᠮᠠᠨ ᠤ ᠬᠤᠲᠠ ᠬᠢᠵᠢᠭ ᠢ ᠰᠡᠷᠭᠡᠶᠢᠯᠡᠬᠦ ᠠᠮᠤᠷ | ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠰᠤᠷᠤᠭᠴᠢᠳ ᠤᠨ ᠰᠤᠷᠭᠠᠭᠤᠯᠢ ᠡᠬᠢᠯᠡᠬᠦ ᠳᠤ ᠬᠠᠨᠳᠤᠭᠤᠯᠤᠨ | ᠭᠦᠢᠴᠡᠳ ᠪᠡᠯᠡᠳᠬᠡᠯ ᠬᠢᠭᠰᠡᠨ ᠪᠠᠶᠢᠨ᠎ᠠ᠃ | ᠮᠡᠳᠡᠭᠳᠡᠯ ᠢ ᠦᠨᠳᠦᠰᠦᠯᠡᠪᠡᠯ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠵᠢᠯᠤᠭᠤᠳᠬᠤ ᠭᠠᠵᠠᠷ ᠠᠴᠠ ᠨᠢᠭᠡᠨᠲᠡ ︽ᠡᠷᠢᠶᠡᠨ ᠬᠤᠲᠠ ᠶᠢᠨ ᠨᠡᠶᠢᠭᠡᠮ ᠲᠣᠭᠤᠷᠢᠭ ᠲᠤ ᠬᠤᠴᠣᠷᠤᠭᠰᠠᠨ ᠬᠥᠮᠥᠰ | ᠵᠢᠴᠢ ᠭᠠᠳᠠᠭᠰᠢ ᠭᠠᠷᠬᠤ ᠱᠠᠭᠠᠷᠳᠠᠯᠭ᠎ᠠ ᠲᠠᠢ ᠬᠥᠮᠥᠰ ᠤᠨ ᠬᠤᠲᠠ ᠠᠴᠠ ᠭᠠᠷᠬᠤ ᠲᠥᠰᠥᠯ︾ ᠢ ᠳᠠᠷᠤᠮᠠᠯᠯᠠᠨ | ᠲᠠᠷᠬᠠᠭᠠᠪᠠ᠂ ᠭᠠᠳᠠᠭᠰᠢ ᠭᠠᠷᠴᠤ ᠰᠣᠷᠣᠯᠴᠠᠬᠤ ᠱᠠᠭᠠᠷᠳᠠᠯᠭ᠎ᠠ ᠲᠠᠢ ᠰᠤᠷᠤᠭᠴᠢᠳ ᠳᠣᠣᠷᠠᠬᠢ ᠳᠥᠷᠪᠡᠨ ᠨᠥᠬᠦᠴᠡᠯ ᠢ | ᠬᠠᠩᠭᠠᠪᠠᠯ ᠳᠠᠷᠤᠢ ᠪᠠᠶᠢᠭ᠎ᠠ ᠨᠡᠶᠢᠭᠡᠮ ᠲᠣᠭᠤᠷᠢᠭ᠂ ᠰᠤᠮᠤ᠂ ᠠᠵᠦ ᠠᠬᠤᠢ ᠶᠢᠨ ᠬᠠᠮᠳᠣᠷᠠᠯᠴᠠᠭᠠᠨ ᠤ ᠳᠣᠭᠤᠷᠢᠭ | ᠲᠤ ᠭᠤᠶᠤᠴᠢᠯᠠᠯ ᠭᠠᠷᠭᠠᠵᠤ ᠪᠣᠯᠣᠨ᠎ᠠ᠄ ᠨᠢᠭᠡ ᠳᠤ᠂ ᠡᠪᠡᠳᠴᠢᠨ ᠤ ᠵᠢᠱᠢᠶ᠎ᠡ᠂ ᠢᠯᠡᠷᠡᠯ ᠦᠭᠡᠢ ᠪᠠᠷ | ᠬᠠᠯᠳᠠᠪᠤᠷᠢᠯᠠᠭᠰᠠᠳ᠂ ᠨᠢᠭᠳᠠ ᠬᠦᠷᠦᠯᠴᠡᠭᠰᠡᠳ ᠪᠠ ᠰᠣᠯᠠ ᠬᠦᠷᠦᠯᠴᠡᠭᠰᠡᠳ ᠢᠶᠠᠷ ᠦᠯᠦ ᠣᠨᠣᠰᠢᠯᠠᠭᠳᠠᠭᠰᠠᠨ | ᠪᠠᠶᠢᠬᠤ︔ ᠬᠤᠶᠠᠷ ᠲᠤ᠂ ᠬᠠᠯᠠᠭᠤᠷᠠᠬᠤ᠂ ᠬᠠᠭᠤᠷᠠᠢ ᠪᠠᠷ ᠬᠠᠨᠢᠶᠠᠬᠤ᠂ ᠦᠨᠦᠷ ᠤᠨ ᠰᠡᠷᠡᠯ ᠠᠯᠳᠠᠭᠳᠠᠬᠤ᠂ ᠪᠤᠯᠴᠢᠩ | ᠮᠢᠬ᠎ᠠ ᠬᠦᠰᠢᠵᠦ ᠡᠪᠡᠳᠬᠦ ᠵᠡᠷᠭᠡ ᠬᠢᠵᠢᠭ ᠤᠨ ᠢᠯᠡᠷᠡᠯ ᠭᠠᠷᠤᠭᠰᠠᠨ ᠦᠭᠡᠢ ᠪᠠᠶᠢᠬᠤ︔ ᠭᠤᠷᠪᠠ ᠳᠤ᠂ ᠣᠷᠣᠰᠢᠨ | ᠰᠠᠭᠤᠵᠤ ᠪᠠᠶᠢᠭ᠎ᠠ ᠣᠷᠣᠨ ᠭᠠᠵᠠᠷ ᠨᠢ ᠬᠢᠵᠢᠭ ᠤᠨ ᠳᠣᠣᠷ᠎ᠠ ᠲᠦᠭᠰᠢᠭᠦᠷᠢ ᠣᠷᠣᠨ ᠪᠠᠶᠢᠬᠤ︔ ᠳᠥᠷᠪᠡ ᠳᠤ᠂ | ᠣᠶᠢᠷ᠎ᠠ ᠶᠢᠨ 7 ᠡᠳᠦᠷ ᠤᠨ ᠦᠷᠭᠦᠯᠵᠢᠯᠡᠭᠰᠡᠨ ᠪᠥᠭᠡᠮ ᠬᠦᠴᠢᠯ ᠤᠨ ᠪᠠᠶᠢᠴᠠᠭᠠᠯᠲᠠ ᠶᠢᠨ ᠳ᠋ᠦᠩ ᠨᠢ ᠪᠢᠯᠢᠭ | ᠴᠢᠨᠠᠷᠲᠠᠢ ︵ᠭᠠᠳᠠᠭᠰᠢ ᠭᠠᠷᠤᠭᠰᠠᠨ ᠲᠤᠬᠠᠢ ᠶᠢᠨ ᠡᠳᠦᠷ ᠢ ᠪᠠᠭᠲᠠᠭᠠᠨ᠎ᠠ︶᠃ ᠭᠤᠶᠤᠴᠢᠯᠠᠯ ᠢ ᠨᠡᠶᠢᠭᠡᠮ | ᠲᠣᠭᠤᠷᠢᠭ ᠤᠨ ᠠᠩᠬᠠᠨ ᠤ ᠬᠢᠨᠠᠨ ᠬᠠᠷᠭᠤᠭᠤᠯᠤᠯᠲᠠ ᠪᠠᠷ ᠳᠠᠮᠵᠢᠭᠰᠠᠨ ᠤ ᠳᠠᠷᠠᠭ᠎ᠠ᠂ ᠡᠬᠢ ᠰᠣᠷᠪᠣᠯᠵᠢ ᠶᠢ ᠡᠷᠢᠬᠦ | ᠳᠤᠭᠤᠶᠢᠯᠠᠩ᠂ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ᠂ ᠪᠥᠭᠡᠮ ᠬᠦᠴᠢᠯ ᠤᠨ ᠪᠠᠶᠢᠴᠠᠭᠠᠨ ᠰᠢᠯᠭᠠᠬᠤ | ᠳᠤᠭᠤᠶᠢᠯᠠᠩ᠂ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ ᠠᠴᠠ ᠲᠣᠰ ᠲᠣᠰ ᠬᠢᠨᠠᠨ ᠭᠠᠷ ᠤᠨ ᠥᠰᠥᠭ | ᠵᠢᠷᠤᠵᠤ᠂ ᠨᠥᠬᠦᠴᠡᠯ ᠳᠤ ᠨᠡᠶᠢᠴᠡᠬᠦ ᠬᠥᠮᠥᠰ ᠢ ᠲᠣᠭᠲᠠᠭᠠᠨ᠎ᠠ᠃ ᠬᠤᠲᠠ ᠠᠴᠠ ᠭᠠᠷᠬᠤ ᠦᠶ᠎ᠡ ᠳᠤ᠂ ᠨᠡᠶᠢᠭᠡᠮ ᠤᠨ | ᠬᠠᠮᠢᠶᠠᠷᠤᠨ ᠡᠵᠡᠮᠳᠡᠬᠦ ᠳᠤᠭᠤᠶᠢᠯᠠᠩ ᠤᠨ ᠬᠢᠨ ᠬᠤᠲᠠ ᠠᠴᠠ ᠭᠠᠷᠬᠤ ᠬᠥᠮᠥᠰ᠂ ᠲᠡᠷᠭᠡ ᠬᠥᠰᠬᠡ ᠶᠢᠨ ᠮᠡᠳᠡᠭᠡ | ᠵᠠᠩᠭᠢ ᠪᠣᠯᠣᠨ ᠪᠥᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢ ᠶᠢ ᠪᠠᠶᠢᠴᠠᠭᠠᠨ ᠰᠢᠯᠭᠠᠭᠰᠠᠨ ᠤ ᠳᠠᠷᠠᠭ᠎ᠠ ᠲᠠᠯᠪᠢᠵᠤ | ᠶᠠᠪᠤᠭᠤᠯᠤᠨ᠎ᠠ᠃ | ᠣᠳᠣᠬᠠᠨ ᠳᠤ᠂ ᠶᠠᠪᠤᠵᠤ ᠰᠠᠭᠤᠬᠤ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠣᠶ᠂ ᠥᠷᠭᠡᠨ ᠣᠯᠠᠨ | ᠰᠣᠷᠣᠭᠴᠢ ᠪᠣᠯᠣᠨ ᠭᠡᠷ ᠤᠨ ᠠᠬᠠᠮᠠᠳ ᠴᠠᠭ ᠲᠤᠬᠠᠢ ᠳᠤᠨᠢ ᠪᠠᠶᠢᠭ᠎ᠠ ᠨᠡᠶᠢᠭᠡᠮ ᠲᠣᠭᠤᠷᠢᠭ ᠲᠠᠢ ᠪᠠᠨ ᠬᠠᠷᠢᠯᠴᠠᠵᠤ᠂ | ᠬᠠᠮᠢᠶ᠎ᠠ ᠪᠦᠬᠦᠢ ᠮᠠᠲ᠋ᠧᠷᠢᠶᠠᠯ ᠢᠶᠠᠨ ᠬᠠᠩᠭᠠᠨ ᠥᠭᠴᠦ᠂ ᠬᠢᠨᠠᠨ ᠵᠥᠪᠰᠢᠶᠡᠷᠡᠯ ᠢ ᠲᠦᠷᠭᠡᠬᠡᠨ ᠪᠡᠶᠡᠯᠡᠭᠦᠯᠬᠦ ᠶᠢ | ᠬᠦᠰᠡᠵᠦ ᠪᠠᠶᠢᠨ᠎ᠠ᠃ ᠠᠳᠡ ᠪᠠᠰᠠ ᠥᠷᠭᠡᠨ ᠣᠯᠠᠨ ᠭᠡᠷ ᠤᠨ ᠠᠬᠠᠮᠠᠳ ᠪᠣᠯᠣᠨ ᠰᠤᠷᠤᠭᠴᠢᠳ ᠲᠤ ᠰᠠᠨᠠᠭᠤᠯᠬᠤ ᠨᠢ | ᠂ ᠶᠠᠪᠤᠵᠤ ᠰᠠᠭᠤᠬᠤ ᠶᠢᠨ ᠤᠷᠤᠭᠰᠢᠲᠠᠢ ᠪᠠᠶᠢᠬᠤ ᠶᠢ ᠪᠠᠲᠤᠯᠠᠬᠤ ᠶᠢᠨ ᠳᠣᠯᠠᠳᠠ᠂ ᠬᠤᠲᠠ ᠠᠴᠠ ᠭᠠᠷᠬᠤ ᠠᠴᠠ ᠪᠠᠨ | ᠡᠮᠦᠨ᠎ᠡ ᠵᠣᠷᠢᠭᠰᠠᠨ ᠭᠠᠵᠠᠷ ᠤᠨ ᠪᠠᠶᠢᠭ᠎ᠠ ᠨᠡᠶᠢᠭᠡᠮ ᠲᠣᠭᠤᠷᠢᠭ ᠲᠤ ᠰᠠᠨᠠᠭᠠᠴᠢᠯᠠᠭ᠎ᠠ ᠠᠴᠠ ᠪᠠᠨ ᠴᠠᠭ ᠲᠤᠬᠠᠢ ᠳᠤᠨᠢ | ᠮᠡᠳᠡᠭᠦᠯᠦᠨ ᠳᠠᠩᠰᠠᠯᠠᠭᠤᠯᠵᠤ᠂ ᠬᠤᠲᠠ ᠠᠴᠠ ᠭᠠᠷᠤᠭᠰᠠᠨ ᠤ ᠳᠠᠷᠠᠭ᠎ᠠ ᠥᠩᠭᠡᠷᠡᠬᠦ ᠭᠠᠵᠠᠷ ᠪᠣᠯᠣᠨ ᠵᠣᠷᠢᠭᠰᠠᠨ | ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠵᠢᠷᠤᠮᠯᠠᠬᠤ | ᠬᠡᠷᠡᠭᠲᠡᠢ᠃ |