ᠬᠤᠲᠠ ᠶᠢᠨ ᠤᠳᠤᠷᠢᠳᠤᠯᠭ᠎ᠠ ᠵᠠᠰᠠᠮᠠᠯ ᠵᠠᠮ ᠤᠨ ᠪᠣᠭᠤᠮᠲᠠ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2022/8/17
          8 ᠰᠠᠷ᠎ᠠ ᠶᠢᠨ 15 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢᠦ ᡁᠢ ᠫᠢᠩ ᠪᠠᠭ ᠢᠶᠠᠨ ᠳᠠᠭᠠᠭᠤᠯᠤᠨ ᠵᠠᠰᠠᠮᠠᠯ ᠵᠠᠮ ᠤᠨ ᠪᠣᠭᠤᠮᠲᠠ ᠳᠤ ᠭᠦᠨᠵᠡᠭᠡᠶᠢᠷᠡᠨ ᠪᠣᠭᠤᠮᠲᠠ ᠪᠠᠷ ᠥᠩᠭᠡᠷᠡᠬᠦ ᠶᠢ ᠪᠠᠲᠤᠯᠠᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠠᠩ ᠶᠢᠩ ᠵᠢᠶᠧ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠪᠠ᠃
     ᠯᠢᠦ ᡁᠢ ᠫᠢᠩ ᠨᠠᠷ᠂ ᠬᠤᠸᠠᠨ ᠢᠦᠢ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠵᠠᠰᠠᠮᠠᠯ ᠵᠠᠮ ᠤᠨ ᠪᠣᠭᠤᠮᠲᠠ ᠶᠢᠨ ᠴᠢᠩᠭᠡᠯᠢᠭ ᠢ ᠳᠡᠭᠦᠵᠢᠯᠡᠨ ᠤᠭᠰᠠᠷᠠᠬᠤ ᠲᠠᠯᠠᠪᠠᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ᠂ ᠪᠣᠭᠤᠮᠲᠠ ᠶᠢᠨ ᠲᠡᠭ ᠺᠢᠯᠣᠮᠧᠲᠷ᠂ ᠵᠠᠰᠠᠮᠠᠯ ᠵᠠᠮ ᠤᠨ ᠪᠣᠭᠤᠮᠲᠠ ᠶᠢᠨ ᠬᠤᠶᠠᠳᠤᠭᠠᠷ ᠳᠡᠰ ᠤᠨ ᠬᠢᠨᠠᠨ ᠡᠵᠡᠮᠳᠡᠬᠦ ᠲᠠᠪᠴᠠᠩ ᠵᠡᠷᠭᠡ ᠭᠠᠵᠠᠷ ᠲᠤ ᠬᠦᠷᠴᠦ᠂ ᠵᠠᠰᠠᠮᠠᠯ ᠵᠠᠮ ᠤᠨ ᠪᠣᠭᠤᠮᠲᠠ ᠶᠢᠨ ᠬᠡᠷᠡᠰᠬᠡ ᠠᠯᠤᠰᠯᠠᠨ ᠳᠡᠭᠦᠵᠢᠯᠡᠨ ᠤᠭᠰᠠᠷᠠᠬᠤ᠂ ᠪᠠᠶᠢᠴᠠᠭᠠᠨ ᠰᠢᠯᠭᠠᠬᠤ ᠶᠠᠪᠤᠴᠠ᠂ ᠪᠣᠭᠤᠮᠲᠠ ᠶᠢᠨ ᠪᠠᠷᠠᠭ᠎ᠠ᠂ ᠬᠥᠮᠥᠨ ᠵᠢᠴᠢ ᠲᠡᠷᠭᠡ ᠬᠥᠰᠬᠡ ᠶᠢᠨ ᠪᠥᠭᠡᠮ ᠬᠦᠴᠢᠯ ᠤᠨ ᠦᠯᠢᠭᠡᠷ ᠠᠪᠬᠤ᠂ ᠠᠷᠢᠭᠤᠳᠬᠠᠬᠤ ᠵᠡᠷᠭᠡ ᠭᠤᠭᠴᠤᠭ᠎ᠠ ᠶᠢ ᠨᠠᠷᠢᠨ ᠣᠶᠢᠯᠠᠭᠠᠪᠠ᠃ ᠡᠯ᠎ᠡ ᠱᠠᠲᠤᠨ ᠤ ᠲᠠᠪᠴᠠᠩ ᠤᠨ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠶᠢ ᠲᠤᠬᠠᠢ ᠶᠢᠨ ᠭᠠᠵᠠᠷ  ᠲᠤᠨᠢ ᠪᠠᠶᠢᠴᠠᠭᠠᠨ ᠦᠵᠡᠬᠦ ᠶᠢᠨ ᠬᠠᠮᠲᠤ ᠲᠤᠬᠠᠢ ᠶᠢᠨ ᠭᠠᠵᠠᠷ ᠲᠤᠨᠢ ᠠᠵᠢᠯᠲᠠᠨ ᠲᠣᠬᠢᠷᠠᠭᠤᠯᠤᠭᠰᠠᠨ᠂ ᠵᠢᠵᠢᠭᠦᠷᠯᠡᠨ ᠰᠠᠬᠢᠭᠰᠠᠨ᠂ ᠴᠤᠪᠤᠷᠠᠯ ᠢ ᠵᠣᠯᠭᠠᠭᠤᠯᠤᠭᠰᠠᠨ ᠵᠡᠷᠭᠡ ᠪᠠᠶᠢᠳᠠᠯ ᠢ ᠠᠰᠠᠭᠤᠨ ᠯᠠᠪᠯᠠᠨ᠎ᠠ᠃
     ᠯᠢᠦ ᡁᠢ ᠫᠢᠩ᠂ ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠬᠦ ᠪᠠ ᠪᠣᠭᠤᠮᠲᠠ ᠪᠠᠷ ᠥᠩᠭᠡᠷᠡᠬᠦ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠰᠠᠶᠢᠲᠤᠷ ᠬᠢᠭᠰᠡᠨ ᠤᠷᠢᠲᠠᠯ ᠳᠣᠣᠷ᠎ᠠ᠂ ᠵᠠᠰᠠᠮᠠᠯ ᠵᠠᠮ ᠤᠨ ᠪᠣᠭᠤᠮᠲᠠ ᠪᠠᠷ ᠪᠠᠷᠠᠭ᠎ᠠ ᠲᠡᠭᠡᠭᠡᠪᠦᠷᠢᠯᠡᠬᠦ ᠴᠢᠳᠠᠪᠤᠷᠢ ᠪᠣᠯᠣᠨ ᠠᠵᠢᠯ ᠤᠨ ᠦᠷ᠎ᠡ ᠪᠦᠲᠦᠮᠵᠢ ᠶᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠲᠤᠰᠬᠠᠢ ᠠᠩᠭᠢ ᠶᠢᠨ ᠬᠦᠴᠦᠨ ᠢ ᠲᠡᠭᠦᠯᠳᠡᠷᠵᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ᠂ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ ᠪᠦᠰᠡ ᠶᠢ ᠲᠠᠬᠢᠨ ᠳᠠᠷᠠᠭᠠᠯᠠᠨ ᠪᠠᠶᠢᠴᠠᠭᠠᠵᠤ᠂ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠭᠤᠭᠴᠤᠭ᠎ᠠ ᠶᠢ ᠲᠠᠬᠢᠨ ᠪᠠᠬᠢᠵᠢᠭᠦᠯᠵᠦ᠂ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢᠨ ᠪᠠᠶᠢᠷᠢᠯᠠᠭᠤᠯᠤᠯᠲᠠ ᠶᠢ ᠲᠠᠬᠢᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠴᠢᠩᠭ᠎ᠠ ᠪᠥᠭᠡᠳ ᠴᠢᠩᠭ᠎ᠠ ᠠᠳᠬᠤᠬᠤ ᠬᠡᠷᠡᠭᠲᠡᠢ᠃ ᠬᠦᠷᠢᠶᠡᠯᠡᠩ ᠲᠣᠭᠤᠷᠢᠭ ᠤᠨ ᠬᠠᠮᠢᠶᠠᠷᠤᠨ ᠡᠵᠡᠮᠳᠡᠬᠦ ᠶᠠᠪᠤᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ ᠠᠵᠢᠯᠲᠠᠨ ᠤ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠬᠠᠮᠢᠶ᠎ᠠ ᠪᠦᠬᠦᠢ ᠪᠠᠶᠢᠳᠠᠯ ᠢ ᠨᠠᠷᠢᠨ ᠬᠢᠨᠠᠮᠠᠭᠠᠢ ᠡᠮᠬᠢᠯᠡᠨ ᠳᠢᠭᠯᠡᠵᠦ᠂ ᠣᠷᠴᠢᠨ ᠲᠣᠭᠤᠷᠢᠨ ᠳᠠᠬᠢ ᠬᠥᠮᠥᠰ ᠤᠨ ᠰᠢᠯᠵᠢᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠠᠶᠤᠯ ᠦᠭᠡᠢ ᠦᠢᠯᠡᠳᠪᠦᠷᠢᠯᠡᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠤᠭᠰᠠᠨ ᠤᠷᠢᠲᠠᠯ ᠳᠣᠣᠷ᠎ᠠ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ᠃ ᠬᠦᠷᠢᠶᠡᠯᠡᠩ ᠲᠣᠭᠤᠷᠢᠭ ᠲᠤ ᠣᠷᠣᠬᠤ ᠪᠠᠷ ᠪᠠᠶᠢᠭ᠎ᠠ ᠺᠣᠮᠫᠠᠨᠢ ᠵᠢᠴᠢ ᠬᠠᠮᠢᠶ᠎ᠠ ᠪᠦᠬᠦᠢ ᠬᠥᠮᠥᠰ ᠲᠤ ᠳᠠᠬᠢᠨ ᠬᠢᠨᠠᠨ ᠬᠠᠷᠭᠤᠭᠤᠯᠤᠯᠲᠠ ᠬᠢᠵᠦ᠂ ᠨᠡᠪᠲᠡᠷᠡᠬᠦ ᠦᠨᠡᠮᠯᠡᠯ ᠢ ᠦᠢᠯᠡᠳᠦᠨ ᠣᠯᠭᠤᠵᠤ᠂ ︽ᠨᠡᠷᠡᠰ ᠤᠨ ᠴᠠᠭᠠᠨ ᠲᠠᠩᠰᠠ︾ ᠶᠢᠨ ᠬᠠᠮᠢᠶᠠᠷᠤᠯᠲᠠ ᠳᠤ ᠣᠷᠣᠭᠤᠯᠤᠨ᠂ ᠬᠢᠵᠢᠭ ᠤᠨ ᠬᠠᠯᠳᠠᠪᠤᠷᠢᠯᠠᠬᠤ ᠬᠡᠯᠬᠢᠶ᠎ᠡ ᠶᠢ ᠡᠷᠡᠰ ᠲᠠᠰᠤᠯᠬᠤ ᠬᠡᠷᠡᠭᠲᠡᠢ᠃ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠦᠷᠢᠶᠡᠯᠡᠩ ᠲᠣᠭᠤᠷᠢᠭ ᠤᠨ ᠲᠡᠷᠭᠡ ᠬᠥᠰᠬᠡ ᠶᠢᠨ ᠲᠡᠭᠡᠭᠡᠪᠦᠷᠢ ᠶᠢᠨ ᠪᠣᠭᠤᠮᠲᠠ ᠶᠢ ᠴᠢᠩᠭ᠎ᠠ ᠠᠳᠬᠤᠵᠤ᠂ ᠭᠠᠳᠠᠭᠠᠳᠤ ᠳᠤ ᠭᠠᠷᠭᠠᠬᠤ ᠲᠡᠭᠡᠭᠡᠪᠦᠷᠢ ᠶᠢᠨ ᠲᠡᠷᠭᠡ ᠬᠥᠰᠬᠡ ᠶᠢᠨ ᠪᠢᠲᠡᠭᠦᠮᠵᠢᠯᠡᠬᠦ ᠬᠠᠭᠤᠳᠠᠰᠤ ᠶᠢ ᠵᠠᠯᠭᠠᠵᠤ ᠪᠢᠲᠡᠭᠦᠮᠵᠢᠯᠡᠬᠦ ᠶᠢ ᠴᠢᠩᠭᠠᠷᠠᠭᠤᠯᠤᠨ᠂ ᠪᠥᠬᠦ ᠶᠠᠪᠤᠴᠠ ᠶᠢ ᠪᠢᠲᠡᠭᠦᠮᠵᠢᠯᠡᠬᠦ ᠶᠢ ᠪᠠᠲᠤᠯᠠᠬᠤ ᠬᠡᠷᠡᠭᠲᠡᠢ ᠭᠡᠪᠡ᠃
   ᠪᠠᠶᠢᠴᠠᠭᠠᠨ ᠰᠤᠳᠤᠯᠤᠯᠲᠠ ᠶᠢᠨ ᠳᠤᠮᠳᠠ᠂ ᠯᠦ ᠪᠦᠦ ᠳ᠋ᠦᠩ᠂ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠪᠣᠯᠣᠨ ᠬᠦᠷᠦᠯᠴᠡᠬᠦ ᠦᠭᠡᠢ ᠲᠠᠯ᠎ᠠ ᠶᠢ ᠨᠠᠷᠢᠨ ᠬᠢᠨᠠᠮᠠᠭᠠᠢ ᠡᠮᠬᠢᠯᠡᠵᠦ᠂ ᠣᠳᠣᠬᠠᠨ ᠳᠤ ᠲᠤᠯᠭᠠᠷᠠᠵᠤ ᠪᠠᠶᠢᠭ᠎ᠠ ᠲᠤᠯᠭᠠᠮ᠎ᠠ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠰᠤᠳᠤᠯᠤᠨ ᠮᠠᠭᠠᠳᠯᠠᠵᠤ᠂ ᠠᠯᠳᠠᠰᠢ ᠭᠠᠷᠬᠤ ᠶᠢ ᠴᠠᠭ ᠲᠤᠬᠠᠢ ᠳᠤᠨᠢ ᠬᠤᠷᠢᠭᠯᠠᠵᠤ᠂ ᠳᠤᠲᠠᠭᠤᠳᠠᠯ ᠢᠶᠠᠨ ᠨᠥᠬᠦᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃ᠡᠯ᠎ᠡ ᠠᠵᠢᠯ ᠤᠨ ᠲᠤᠰᠬᠠᠢ ᠠᠩᠭᠢ᠂ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠠᠵᠤ ᠠᠬᠤᠶᠢᠯᠠᠯ ᠤᠳ ᠲᠤᠷᠰᠢᠯᠭ᠎ᠠ ᠰᠤᠷᠭᠠᠮᠵᠢ ᠪᠠᠨ ᠭᠦᠨᠵᠡᠭᠡᠢ ᠭᠥᠯᠢᠶᠡᠨ ᠠᠪᠴᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠪᠦᠲᠦᠮᠵᠢᠲᠡᠶ ᠪᠥᠭᠡᠳ ᠥᠨᠳᠥᠷ ᠪᠦᠲᠦᠮᠵᠢᠲᠡᠶ ᠲᠤᠷᠰᠢᠯᠭ᠎ᠠ ᠬᠢᠳᠡᠯ ᠢ ᠴᠠᠭ ᠲᠤᠬᠠᠢ ᠳᠤᠨᠢ ᠪᠠᠬᠢᠵᠢᠭᠦᠯᠵᠦ᠂ ᠵᠠᠰᠠᠮᠠᠯ ᠵᠠᠮ ᠤᠨ ᠪᠣᠭᠤᠮᠲᠠ ᠶᠢᠨ ᠬᠠᠮᠢᠶᠠᠷᠤᠯᠲᠠ ᠦᠢᠯᠡᠴᠢᠯᠡᠭᠡ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠲᠣᠬᠢᠷᠠᠭᠤᠯᠤᠨ ᠵᠢᠯᠤᠭᠤᠳᠬᠤ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠷᠯᠢᠭ ᠵᠢᠭᠠᠪᠤᠷᠢ ᠲᠣᠳᠣᠷᠬᠠᠢ᠂ ᠰᠢᠰᠲ᠋ᠧᠮ ᠲᠠᠢ ᠪᠥᠭᠡᠳ ᠡᠮᠬᠢ ᠵᠢᠷᠤᠮ ᠲᠠᠢ᠂ ᠬᠡᠷᠡᠭᠵᠢᠭᠦᠯᠬᠦ ᠳᠤ ᠬᠦᠴᠦᠲᠡᠢ ᠪᠠᠶᠢᠬᠤ ᠶᠢ ᠡᠷᠡᠰ ᠪᠡᠶᠡᠯᠡᠭᠦᠯᠬᠦ ᠬᠡᠷᠡᠭᠲᠡᠢ᠃ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠠᠵᠢᠯ ᠤᠨ ᠭᠤᠣᠯᠳᠠᠯᠭ᠎ᠠ ᠪᠠᠨ ᠳᠣᠪᠤᠶᠢᠯᠭᠠᠵᠤ᠂ ᠪᠠᠷᠠᠭ᠎ᠠ ᠶᠢᠨ ᠪᠣᠭᠤᠮᠲᠠ ᠪᠠᠷ ᠥᠩᠭᠡᠷᠡᠬᠦ ᠶᠢ ᠪᠠᠶᠢᠴᠠᠭᠠᠨ ᠰᠢᠯᠭᠠᠬᠤ ᠪᠠ ᠰᠡᠷᠭᠡᠶᠢᠯᠡᠨ ᠡᠵᠡᠮᠳᠡᠵᠦ ᠵᠢᠭᠰᠠᠭᠠᠨ ᠪᠠᠶᠢᠴᠠᠭᠠᠬᠤ ᠶᠢ ᠰᠠᠶᠢᠲᠤᠷ ᠬᠢᠵᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠨ᠂ ᠰᠠᠨᠠᠭᠠᠴᠢᠯᠠᠭ᠎ᠠ   ᠠᠴᠠ ᠪᠠᠨ ᠡᠭᠦᠷᠭᠡᠯᠡᠵᠦ᠂ ᠵᠠᠰᠠᠮᠠᠯ ᠵᠠᠮ ᠤᠨ ᠪᠣᠭᠤᠮᠲᠠ ᠶᠢᠨ ᠪᠠᠷᠠᠭ᠎ᠠ ᠶᠢᠨ ᠪᠣᠭᠤᠮᠲᠠ ᠪᠠᠷ ᠥᠩᠭᠡᠷᠡᠬᠦ ᠳᠤ ᠠᠮᠤᠷ ᠲᠦᠪᠰᠢᠨ ᠥᠨᠳᠥᠷ ᠪᠦᠲᠦᠮᠵᠢᠲᠡᠶ ᠪᠠᠶᠢᠬᠤ ᠶᠢ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号