| ᠠᠶᠢᠮᠠᠭ ᠤᠨ ᠵᠠᠬᠢᠷᠭ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 8 ᠰᠠᠷ᠎ᠠ ᠶᠢᠨ 18 ᠤ ᠡᠳᠦᠷ᠂ | ᠠᠶᠢᠮᠠᠭ ᠤᠨ ᠨᠡᠶᠢᠭᠡᠮ ᠤᠨ ᠬᠠᠮᠢᠶᠠᠷᠤᠨ ᠡᠵᠡᠮᠳᠡᠨ ᠬᠢᠨᠠᠨ ᠵᠢᠯᠤᠭᠤᠳᠬᠤ ᠳᠤᠭᠤᠶᠢᠯᠠᠩ ᠮᠠᠨ ᠤ ᠬᠤᠲᠠ ᠳᠤ ᠢᠷᠡᠵᠦ | ᠨᠡᠶᠢᠭᠡᠮ ᠤᠨ ᠲᠠᠯ᠎ᠠ ᠶᠢᠨ ᠬᠠᠮᠢᠶᠠᠷᠤᠨ ᠡᠵᠡᠮᠳᠡᠵᠦ ᠨᠠᠶᠢᠳᠠᠪᠣᠷᠢᠵᠢᠭᠤᠯᠣᠭᠰᠠᠨ ᠪᠠᠶᠢᠳᠠᠯ ᠢ ᠪᠠᠶᠢᠴᠠᠭᠠᠨ ᠰᠤᠳᠤᠯᠵᠤ | ᠬᠢᠨᠠᠨ ᠵᠢᠯᠤᠭᠤᠳᠬᠤ ᠶᠢᠨ ᠬᠠᠮᠲᠤ᠂ ᠰᠠᠭᠤᠳᠠᠯ ᠤᠨ ᠬᠤᠷᠠᠯ ᠬᠤᠷᠠᠯᠳᠤᠭᠤᠯᠪᠠ᠃ ᠬᠤᠲᠠ ᠶᠢᠨ ᠤᠳᠤᠷᠢᠳᠤᠯᠭ᠎ᠠ | ᠵᠠᠩ ᠯᠢ ᠴᠧᠩ᠂ ᠸᠠᠩ ᠳ᠋ᠦᠩ ᠱᠧᠩ᠂ ᠰᠢᠯᠢᠨᠪᠠᠭᠠᠳᠣᠷ ᠨᠠᠷ ᠣᠷᠣᠯᠴᠠᠵᠠᠢ᠃ | | | ᠰᠠᠭᠤᠳᠠᠯ ᠤᠨ ᠬᠤᠷᠠᠯ ᠳᠡᠭᠡᠷ᠎ᠡ᠂ ᠠᠶᠢᠮᠠᠭ ᠤᠨ ᠨᠡᠶᠢᠭᠡᠮ ᠤᠨ ᠬᠠᠮᠢᠶᠠᠷᠤᠨ ᠡᠵᠡᠮᠳᠡᠨ ᠬᠢᠨᠠᠨ ᠵᠢᠯᠤᠭᠤᠳᠬᠤ | ᠳᠤᠭᠤᠶᠢᠯᠠᠩ ᠤᠨ ᠬᠢᠨ ᠮᠠᠨ ᠤ ᠬᠤᠲᠠ ᠶᠢᠨ ᠨᠡᠶᠢᠭᠡᠮ ᠤᠨ ᠬᠠᠮᠢᠶᠠᠷᠤᠨ ᠡᠵᠡᠮᠳᠡᠬᠦ ᠠᠵᠢᠯ ᠢ ᠭᠦᠢᠴᠡᠳ ᠨᠤᠲᠠᠯᠠᠵᠤ᠂ | ᠮᠠᠨ ᠤ ᠬᠤᠲᠠ ᠶᠢᠨ ᠨᠡᠶᠢᠭᠡᠮ ᠤᠨ ᠲᠠᠯ᠎ᠠ ᠶᠢᠨ ᠬᠠᠮᠢᠶᠠᠷᠤᠨ ᠡᠵᠡᠮᠳᠡᠬᠦ ᠠᠵᠢᠯ ᠢ ᠰᠡᠳᠬᠢᠮᠵᠢ ᠲᠠᠢ᠂ ᠬᠢᠯᠠᠰ ᠴᠡᠭ ᠲᠠᠢ᠂ | ᠰᠢᠨ᠎ᠡ ᠡᠭᠦᠳᠦᠯᠲᠡ ᠲᠠᠢ ᠭᠡᠵᠦ ᠦᠨᠡᠯᠡᠪᠡ᠃ ᠱᠠᠭᠠᠷᠳᠠᠨ ᠵᠢᠯᠤᠭᠤᠳᠬᠤ ᠳᠤᠭᠤᠶᠢᠯᠠᠩ ᠠᠴᠠ᠂ ᠡᠷᠢᠶᠡᠨ ᠬᠤᠳᠠ ᠨᠢ | ᠠᠵᠢᠯ ᠤᠨ ᠲᠤᠷᠰᠢᠯᠭ᠎ᠠ ᠪᠠᠨ ᠢᠳᠡᠪᠬᠢᠲᠡᠢ ᠳ᠋ᠦᠩᠨᠡᠵᠦ᠂ ᠡᠯ᠎ᠡ ᠵᠦᠢᠯ ᠤᠨ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠨᠠᠮ ᠤᠨ ᠪᠠᠶᠢᠭᠤᠯᠤᠯᠲᠠ ᠪᠠᠷ | ᠦᠨᠳᠦᠰᠦᠨ ᠱᠠᠲᠤᠨ ᠤ ᠰᠦᠯᠵᠢᠶᠡᠵᠢᠭᠰᠡᠨ ᠬᠠᠮᠢᠶᠠᠷᠤᠯᠲᠠ ᠶᠢᠨ ᠠᠵᠢᠯ ᠢ ᠬᠥᠲᠥᠯᠥᠨ ᠳᠠᠭᠠᠭᠤᠯᠵᠦ᠂ ᠰᠢᠨᠵᠢᠯᠡᠬᠦ | ᠤᠬᠠᠭᠠᠨᠴᠢ ᠪᠠᠷ᠂ ᠣᠨᠣᠪᠴᠢᠳᠠᠢ ᠪᠠᠷ ᠰᠦᠯᠵᠢᠶᠡᠵᠢᠭᠰᠡᠨ ᠬᠠᠮᠢᠶᠠᠷᠣᠯᠳᠠ ᠶᠢ ᠬᠤᠪᠢᠶᠠᠷᠢᠯᠠᠨ ᠲᠣᠭᠲᠠᠭᠠᠵᠤ᠂ | ᠨᠠᠮ ᠤᠨ ᠭᠡᠰᠢᠭᠦᠨ ᠺᠠᠳ᠋ᠷ ᠤᠨ ᠢᠳᠡᠪᠬᠢᠲᠡᠢ ᠪᠠᠷ ᠰᠦᠯᠵᠢᠶᠡᠵᠢᠭᠰᠡᠨ ᠬᠠᠮᠢᠶᠠᠷᠣᠯᠳᠠ ᠪᠠᠷ ᠡᠷᠦᠬᠡ ᠶᠢ | ᠳᠠᠭᠠᠭᠠᠴᠢᠯᠠᠬᠤ ᠶᠢ ᠠᠬᠢᠭᠤᠯᠵᠤ᠂ ᠦᠢᠯᠡᠴᠢᠯᠡᠭᠡᠨ ᠤ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠦᠨ ᠨᠠᠷᠢᠯᠢᠭᠵᠢᠭᠤᠯᠵᠤ᠂ | ᠬᠢᠵᠢᠭ ᠤᠨ ᠪᠠᠶᠢᠳᠠᠯ ᠳᠠᠬᠢᠨ ᠰᠡᠷᠬᠦᠬᠦ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠵᠢᠭᠠᠪᠣᠷᠢᠯᠠᠪᠠ᠃ ᠳᠠᠭᠠᠭᠠᠴᠢᠯᠠᠨ | ᠬᠠᠷᠢᠭᠤᠴᠠᠭᠰᠠᠨ ᠨᠢᠭᠡᠴᠡ ᠶᠢᠨ ᠬᠠᠷᠢᠭᠤᠴᠠᠯᠭ᠎ᠠ ᠶᠢ ᠪᠠᠲᠤᠳᠬᠠᠵᠤ᠂ ᠲᠤᠰ ᠲᠤᠰ ᠤᠨ ᠳᠠᠪᠠᠭᠤᠯᠢᠭ ᠢᠶᠠᠨ ᠭᠦᠢᠴᠡᠳ | ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠡᠶᠢᠭᠡᠮ ᠲᠣᠭᠤᠷᠢᠭ ᠤᠨ | ᠬᠠᠮᠢᠶᠠᠷᠤᠨ ᠡᠵᠡᠮᠳᠡᠬᠦ ᠶᠢ ᠳᠡᠮᠵᠢᠨ ᠬᠠᠪᠰᠤᠷᠴᠤ᠂ ᠳᠠᠭᠠᠭᠠᠴᠢᠯᠠᠨ ᠬᠤᠯᠪᠣᠭᠠᠯᠠᠬᠤ ᠶᠢ ᠪᠦᠬᠦᠨ ᠢ ᠬᠠᠮᠤᠷᠬᠤ᠂ | ᠦᠯᠡᠳᠡᠭᠳᠡᠯ ᠭᠠᠵᠠᠷ ᠣᠷᠣᠨ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠰᠠᠷ᠎ᠠ ᠪᠦᠷᠢ ︽ᠳᠥᠷᠪᠡ ᠶᠢ | ᠲᠣᠳᠣᠷᠬᠠᠶᠢᠯᠠᠬᠤ ᠡᠬᠡ ᠲᠠᠩᠰᠠ︾ ᠶᠢ ᠰᠢᠨᠡᠳᠬᠡᠬᠦ ᠶᠢ ᠪᠠᠷᠢᠮᠲᠠᠯᠠᠵᠤ᠂ ︽ᠣᠷᠣᠨ ᠪᠠᠶᠢᠷᠢ ᠶᠢ ᠲᠣᠳᠣᠷᠬᠠᠢ ᠪᠣᠯᠭᠠᠬᠤ | ᠂ ᠰᠠᠭᠤᠷᠢ ᠲᠤᠭ᠎ᠠ ᠶᠢ ᠲᠣᠳᠣᠷᠬᠠᠢ ᠪᠣᠯᠭᠠᠬᠤ᠂ ᠪᠠᠶᠢᠳᠠᠯ ᠢ ᠲᠣᠳᠣᠷᠬᠠᠢ ᠪᠣᠯᠭᠠᠬᠤ᠂ ᠬᠦᠰᠡᠯ ᠱᠠᠭᠠᠷᠳᠠᠯᠭ᠎ᠠ ᠶᠢ | ᠲᠣᠳᠣᠷᠬᠠᠢ ᠪᠣᠯᠭᠠᠬᠤ︾ ᠶᠢ ᠪᠡᠶᠡᠯᠡᠭᠦᠯᠬᠦ ᠬᠡᠷᠡᠭᠲᠡᠢ᠃ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠵᠤ᠂ | ᠬᠠᠮᠠᠭᠠᠯᠠᠯᠲᠠ ᠶᠢᠨ ᠬᠤᠪᠴᠠᠰᠤ ᠪᠠᠨ ᠲᠠᠶᠢᠯᠬᠤ᠂ ᠠᠷᠢᠭᠤᠳᠬᠠᠨ ᠠᠷᠢᠯᠭᠠᠬᠤ ᠵᠡᠷᠭᠡ ᠨᠠᠷᠢᠨ ᠵᠦᠢᠯᠡᠰ ᠤᠨ ᠠᠵᠢᠯ ᠢ | ᠪᠣᠳᠠᠲᠠᠢ ᠪᠥᠭᠡᠳ ᠨᠠᠷᠢᠯᠢᠭ ᠬᠢᠵᠦ᠂ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠪᠣᠳᠠᠲᠤ ᠪᠠᠶᠢᠯᠳᠤᠭᠠᠨ ᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠳᠤ ᠬᠡᠷᠡᠭᠰᠡᠬᠦ ᠪᠡᠯᠡᠳᠬᠡᠮᠵᠢ ᠲᠥᠬᠦᠭᠡᠷᠦᠮᠵᠢ ᠵᠢᠴᠢ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠬᠤ | ᠬᠡᠷᠡᠭᠲᠡᠢ᠃ ᠺᠠᠳ᠋ᠷ ᠠᠵᠢᠯᠲᠠᠨ ᠠᠵᠢᠯᠴᠢᠨ ᠤ ᠬᠠᠮᠢᠶᠠᠷᠤᠯᠲᠠ ᠶᠢ ᠴᠢᠩᠭᠠᠳᠬᠠᠵᠤ᠂ ᠬᠢᠯᠪᠠᠷ ᠪᠤᠰᠤ ᠪᠠᠷ ᠣᠯᠣᠭᠰᠠᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠪᠠᠬᠢᠵᠢᠭᠦᠯᠬᠦ ᠬᠡᠷᠡᠭᠲᠡᠢ᠃ | | | | | ᠡᠨᠡ ᠬᠤᠭᠤᠴᠠᠭᠠᠨ ᠳᠤ᠂ ᠱᠠᠭᠠᠷᠳᠠᠨ ᠵᠢᠯᠤᠭᠤᠳᠬᠤ ᠳᠤᠭᠤᠶᠢᠯᠠᠩ ᠪᠠᠰᠠ ᠮᠠᠨ ᠤ ᠬᠤᠲᠠ ᠶᠢᠨ ᠬᠡᠰᠡᠭ | ᠰᠠᠭᠤᠭᠠᠯᠢ ᠠᠷᠠᠳ ᠤᠨ ᠲᠣᠭᠤᠷᠢᠭ᠂ ᠰᠠᠩ ᠬᠥᠮᠥᠷᠭᠡ ᠶᠢᠨ ᠬᠦᠷᠢᠶ᠎ᠡ ᠵᠡᠷᠭᠡ ᠭᠠᠵᠠᠷ ᠲᠤ ᠭᠦᠨᠵᠡᠭᠡᠶᠢᠷᠡᠨ | ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠢ᠃ | | | |