ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠠᠨᠳᠢᠪᠯᠡᠭ᠌ᠰᠠᠨ 30 ᠲᠣᠨ ᠴᠠᠭᠠᠨ ᠨᠣᠭᠤᠭ᠎ᠠ ᠶᠢ  ᠳᠣᠰᠣᠨ ᠠᠪᠣᠪᠠ
ᠨᠡᠶᠢᠲᠡᠯᠡᠭᠰᠡᠨ ᠴᠠᠭ᠄
2022/8/19
 
    8 ᠰᠠᠷ᠎ᠠ ᠶᠢᠨ 18  ᠤ ᠥᠷᠯᠥᠭᠡ᠂ ᠰᠢᠯᠣᠭᠤᠨ ᠬᠦᠪᠡᠭᠡᠳᠦ ᠴᠠᠭᠠᠨ ᠬᠤᠰᠢᠭᠤ ᠠᠴᠠ 30 ᠲᠣᠨ ᠴᠠᠭᠠᠨ ᠨᠣᠭᠤᠭ᠎ᠠ ᠶᠢ ᠳᠡᠭᠡᠭᠡᠭᠰᠡᠨ ᠳᠡᠷᠭᠡ ᠮᠠᠨ ᠤ ᠬᠤᠳᠠ ᠳᠤ ᠬᠦᠷᠴᠦ᠂ ᠪᠣᠭᠤᠮᠲᠠ ᠶᠢᠨ ᠤᠯᠠᠨ ᠲᠦᠮᠡᠨ ᠳᠤ ᠬᠠᠶᠢᠷ᠎ᠠ ᠬᠠᠯᠠᠮᠵᠢ ᠶᠢᠨ ᠡᠳ᠋ ᠪᠣᠳᠠᠰ ᠬᠦᠷᠭᠡᠬᠦ ᠶᠢᠨ ᠬᠠᠮᠲᠤ  ᠪᠠᠰᠠ ᠬᠠᠶᠢᠷ᠎ᠠ ᠬᠠᠯᠠᠮᠵᠢ ᠶᠢ ᠤᠯᠠᠨ ᠲᠦᠮᠡᠨ ᠤ ᠰᠡᠳᠬᠢᠯ ᠳᠤ ᠬᠦᠷᠭᠡᠵᠡᠢ᠃     ᠲᠣᠰ ᠤᠳᠠᠭᠠᠨ ᠤ ᠬᠠᠶᠢᠷ᠎ᠠ ᠬᠠᠯᠠᠮᠵᠢ ᠬᠠᠨᠳᠢᠪᠯᠡᠬᠤ ᠠᠵᠢᠯᠯᠠᠭ᠎ᠠ ᠶᠢ ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠰᠢᠩ ᠶᠣᠣ ᠪᠠᠯᠭᠠᠰᠤ   ᠠᠴᠠ ᠡᠬᠢᠯᠡᠭᠦᠯᠵᠦ᠂ ᠬᠠᠶᠢᠷ᠎ᠠ ᠬᠠᠯᠠᠮᠵᠢ ᠶᠢᠨ ᠡᠳ᠋ ᠪᠣᠳᠠᠰ ᠢ ᠰᠢᠩ ᠶᠣᠣ ᠪᠠᠯᠭᠠᠰᠤ ᠶᠢᠨ ᠳ᠋ᠠ ᠳ᠋ᠢ ᠹᠠᠩ ᠲᠣᠰᠬᠤᠨ ᠤ ᠠᠷᠠᠳ ᠢᠷᠭᠡᠳ ᠠᠴᠠ ᠬᠠᠨᠳᠢᠪᠯᠡᠵᠤ᠂ ᠲᠣᠰ ᠪᠠᠯᠭᠠᠰᠤᠨ ᠤ ᠦ᠋ ᠾᠧ ᠳᠤᠭᠤᠶᠢᠯᠠᠩ ᠤᠨ ᠲᠢᠶᠠᠨ ᠫᠧᠩ ᠴᠡᠩᠭᠡᠯ ᠤᠨ ᠬᠦᠷᠢᠶᠡᠯᠡᠩ ᠤᠨ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ ᠠᠴᠠ ᠮᠠᠨ ᠤ ᠬᠤᠲᠠ ᠳᠤ ᠦᠨ᠎ᠡ ᠲᠥᠯᠥᠪᠦᠷᠢ ᠦᠭᠡᠢ ᠪᠠᠷ ᠬᠦᠷᠭᠡᠭᠰᠡᠨ ᠪᠠᠶᠢᠨ᠎ᠠ᠃     ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠡᠳ᠋ ᠪᠣᠳᠠᠰ ᠢ ᠭᠥᠯᠢᠶᠡᠨ ᠠᠪᠤᠭᠰᠠᠨ ᠤ ᠳᠠᠷᠠᠭ᠎ᠠ᠂ ᠬᠠᠮᠤᠭ ᠤᠨ ᠲᠡᠷᠢᠭᠦᠨ ᠳᠤ ᠠᠵᠢᠯᠲᠠᠳ ᠢᠶᠠᠨ ᠵᠣᠬᠢᠶᠠᠨ ᠪᠠᠶᠢᠭᠤᠯᠵᠤ ︽ᠬᠠᠶᠢᠷ᠎ᠠ ᠬᠠᠯᠠᠮᠵᠢ ᠬᠦᠷᠭᠡᠬᠦ ᠢᠳᠡᠰᠢᠨ ᠨᠣᠭᠤᠭ᠎ᠠ︾ ᠶᠢ ᠲᠣᠭᠲᠠᠭᠰᠠᠨ ᠭᠠᠵᠠᠷ ᠲᠤ ᠵᠥᠭᠡᠭᠡᠪᠦᠷᠢᠯᠡᠬᠦ ᠶᠢᠨ ᠬᠠᠮᠲᠤ ᠪᠦᠷᠢᠳᠬᠡᠨ ᠬᠥᠮᠥᠷᠭᠡ ᠠᠴᠠ ᠭᠠᠷᠭᠠᠬᠤ ᠪᠠ ᠡᠳ᠋ ᠪᠣᠳᠠᠰ ᠢ ᠬᠤᠪᠢᠶᠠᠨ ᠲᠠᠷᠬᠠᠭᠠᠬᠤ ᠠᠵᠢᠯ ᠢ ᠶᠠᠪᠤᠭᠳᠠᠭᠤᠯᠤᠨ᠎ᠠ᠃
    ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠰᠠᠭᠤᠭᠠᠯᠢ ᠠᠷᠠᠳ ᠲᠤ ᠰᠢᠨ᠎ᠡ ᠰᠣᠷᠭᠤᠭ ᠢᠳᠡᠰᠢᠨ ᠨᠣᠭᠤᠭ᠎ᠠ ᠢᠳᠡᠭᠦᠯᠬᠦ ᠶᠢᠨ ᠳᠣᠯᠠᠳᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠢᠨ ᠰᠢᠨ᠎ᠡ ᠰᠣᠷᠭᠤᠭ ᠵᠢᠮᠢᠰ ᠨᠣᠭᠤᠭ᠎ᠠ ᠶᠢ ︽ᠵᠣᠭᠰᠣᠰᠢ ᠦᠭᠡᠢ᠂ ᠰᠥᠨᠢ ᠥᠨᠵᠢᠬᠦ ᠦᠭᠡᠢ︾ ᠪᠠᠶᠢᠬᠤ ᠵᠠᠷᠴᠢᠮ ᠶᠣᠰᠣᠭᠠᠷ᠂ ᠡᠲᠡᠭᠡᠷ ᠢᠳᠡᠰᠢᠨ ᠨᠣᠭᠤᠭ᠎ᠠ ᠶᠢ ᠮᠠᠨ ᠤ ᠬᠤᠲᠠ ᠶᠢᠨ ᠵᠡᠮᠳᠡᠭᠴᠦᠳ ᠤᠨ ᠭᠡᠷ ᠪᠦᠯᠢ᠂  ᠳᠣᠣᠷ᠎ᠠ ᠪᠠᠲᠤᠯᠠᠭᠠᠲᠤ ᠡᠷᠦᠬᠡ ᠶᠢᠨ ᠭᠡᠷ ᠪᠦᠯᠢ᠂ ᠡᠯ᠎ᠡ ᠨᠡᠶᠢᠭᠡᠮ ᠲᠣᠭᠤᠷᠢᠭ ᠪᠠ ᠬᠡᠰᠡᠭ ᠬᠠᠩᠭᠠᠯᠭ᠎ᠠ ᠶᠢ ᠪᠠᠲᠤᠯᠠᠬᠤ ᠬᠤᠭᠤᠯᠠᠨ ᠭᠡᠷ ᠲᠤ ᠠᠯᠢ ᠲᠦᠷᠭᠡᠨ ᠢᠶᠠᠷ ᠲᠠᠷᠬᠠᠭᠠᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号