︽ᠬᠢᠵᠢᠭ ᠤᠨ ᠳᠠᠶᠢᠨ ᠤ ᠡᠮᠦᠨ᠎ᠡ ᠹᠷᠦᠨᠲ︾
ᠨᠡᠶᠢᠲᠡᠯᠡᠭᠰᠡᠨ ᠴᠠᠭ᠄
2022/8/19
     7 ᠰᠠᠷ᠎ᠠ ᠶᠢᠨ ᠰᠡᠭᠦᠯᠴᠢ ᠪᠠᠷ᠂ ᠬᠢᠯᠢ ᠶᠢᠨ ᠪᠣᠭᠤᠮᠲᠠ ᠳᠠᠬᠢᠨᠲᠠ ᠬᠢᠵᠢᠭ ᠤᠨ ᠶᠡᠭᠡ ᠰᠢᠯᠭᠠᠯᠲᠠ ᠶᠢ ᠥᠩᠭᠡᠷᠡᠭᠡᠪᠡ᠃ ᠰᠠᠭᠤᠭᠠᠯᠢ ᠠᠷᠠᠳ ᠤᠨ ᠲᠣᠭᠤᠷᠢᠭ   ᠢ ᠪᠢᠲᠡᠭᠦᠮᠵᠢᠯᠡᠵᠦ᠂ ᠰᠢᠯᠭᠠᠯᠲᠠ ᠶᠢ ᠬᠤᠶᠢᠰᠢᠯᠠᠭᠤᠯᠵᠤ᠂ ᠭᠡᠷ  ᠲᠤ ᠪᠠᠨ ᠳᠣᠰᠭᠠᠷᠯᠠᠨ ᠬᠢᠵᠢᠭ   ᠢ ᠡᠰᠡᠷᠭᠦᠴᠡᠵᠦ ᠪᠠᠶᠢᠨ᠎ᠠ ᠁ ᠭᠡᠨᠡᠳᠲᠡ   ᠶᠢᠨ ᠬᠢᠵᠢᠭ ᠤᠨ ᠪᠠᠶᠢᠳᠠᠯ ᠮᠠᠨ ᠤ ᠠᠮᠢᠳᠤᠷᠠᠯ ᠤᠨ ᠠᠶᠢᠵᠠᠮ᠂ ᠠᠵᠢᠯ ᠤᠨ ᠠᠷᠭ᠎ᠠ ᠮᠠᠶ᠋ᠢᠭ   ᠢ ᠰᠠᠮᠠᠭᠤᠷᠠᠭᠤᠯᠵᠠᠢ᠃ ᠬᠢᠵᠢᠭ ᠤᠨ ᠪᠠᠶᠢᠳᠠᠯ ᠡᠭᠦᠰᠦᠭᠰᠡᠨ ᠤ ᠲᠠᠷᠠᠭ᠎ᠠ᠂ ᠡᠯ᠎ᠡ ᠭᠠᠵᠠᠷ ᠤᠨ ᠡᠮᠴᠢ ᠰᠤᠪᠢᠯᠠᠭᠴᠢᠳ ᠬᠤᠶᠢᠨ᠎ᠠ ᠬᠤᠶᠢᠨ᠎ᠠ ᠠᠴᠠ ᠪᠠᠨ ᠮᠠᠨ ᠤ ᠬᠤᠳᠠ ᠶᠢ ᠲᠤᠰᠠᠯᠠᠵᠤ᠂ ᠪᠣᠭᠤᠮᠲᠠ ᠶᠢᠨ ᠤᠯᠠᠨ ᠲᠦᠮᠡᠨ ᠲᠠᠢ ᠰᠡᠳᠬᠢᠯ ᠨᠢᠭᠡᠳᠦᠨ ᠬᠢᠵᠢᠭ ᠢ ᠡᠰᠡᠷᠭᠦᠴᠡᠪᠡ᠃
      ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠤᠨ ᠡᠮᠦᠨ᠎ᠡ᠂ ᠰᠢᠯᠢ ᠶᠢᠨ ᠭᠤᠣᠯ ᠠᠶᠢᠮᠠᠭ ᠤᠨ ᠠᠨ ᠱᠧᠨ ᠡᠮᠨᠡᠯᠭᠡ ᠶᠢᠨ ᠬᠤᠷᠢᠶᠠᠨ ᠤ ᠡᠮᠴᠢ ᠰᠤᠪᠢᠯᠠᠭᠴᠢᠳ ᠨᠢᠭᠡᠨᠲᠡ ᠠᠩᠬ᠎ᠠ ᠤᠳᠠᠭ᠎ᠠ ᠳᠠᠶᠢᠯᠠᠯᠳᠤᠭᠠᠨ ᠳᠤ ᠮᠣᠷᠳᠠᠭᠰᠠᠨ ᠪᠢᠰᠢ  ᠶᠤᠮ᠃ ᠨᠢᠭᠡ ᠰᠠᠷ᠎ᠠ ᠶᠢᠨ ᠲᠠᠷᠠᠭ᠎ᠠ᠂ ᠲᠡᠳᠡ ᠳᠠᠬᠢᠨᠲᠠ ᠮᠠᠨ ᠤ ᠬᠤᠳᠠ ᠶᠢ ᠲᠤᠰᠠᠯᠠᠵᠤ᠂  30 ᠨᠡᠷᠡᠰ ᠡᠮ ᠡᠮᠨᠡᠯᠭᠡ ᠶᠢᠨ ᠭᠤᠣᠯᠯᠠᠭᠴᠢ ᠬᠦᠴᠦᠨ ᠢ ᠲᠣᠮᠢᠯᠠᠪᠠ᠃ ᠡᠭᠦᠨ ᠤ ᠳᠣᠲᠣᠷ᠎ᠠ ᠪᠠᠶᠠᠯᠢᠭ ᠲᠤᠷᠰᠢᠯᠭ᠎ᠠ ᠲᠠᠢ ᠬᠥᠬᠡᠬᠤᠲᠠ᠂ ᠡᠷᠢᠶᠡᠨ ᠵᠢᠴᠢ ᠰᠢᠯᠢ ᠶᠢᠨ ᠭᠤᠣᠯ ᠠᠶᠢᠮᠠᠭ ᠤᠨ ᠹᠠᠩ ᠦ᠋ ᠡᠮᠨᠡᠯᠭᠡ ᠶᠢᠨ ᠬᠤᠷᠢᠶᠠᠨ ᠤ ᠳᠠᠷᠤᠭ᠎ᠠ ᠶᠢᠨ ᠲᠤᠰᠠᠯᠠᠭᠴᠢ᠂ ᠠᠵᠢᠯ ᠤᠨ ᠴᠢᠳᠠᠪᠤᠷᠢ ᠪᠠᠷ ᠲᠣᠪᠣᠶᠢᠮ᠎ᠠ ᠰᠤᠪᠢᠯᠠᠭᠴᠢ ᠶᠢᠨ ᠳᠠᠷᠤᠭ᠎ᠠ᠂ ᠪᠠᠰᠠ ᠲᠤᠰᠬᠠᠢ ᠮᠡᠷᠭᠡᠵᠢᠯ ᠤᠨ ᠪᠣᠯᠪᠠᠰᠤᠷᠠᠯ ᠭᠥᠷᠳᠡᠭᠰᠡᠨ ᠪᠥᠭᠡᠮ ᠬᠦᠴᠢᠯ ᠤᠨ ᠦᠯᠢᠭᠡᠷ ᠠᠪᠬᠤ ᠡᠮᠴᠢ ᠰᠤᠪᠢᠯᠠᠭᠴᠢ ᠪᠤᠢ᠂ ᠲᠡᠳᠡ ᠶᠡᠭᠡ ᠬᠠᠶᠢᠷ᠎ᠠ ᠪᠠᠨ ᠪᠣᠭᠤᠮᠲᠠ ᠳᠤ ᠠᠪᠴᠢᠷᠠᠵᠤ᠂ ᠮᠠᠨ ᠤ ᠬᠤᠳᠠ ᠶᠢᠨ ᠬᠢᠵᠢᠭ ᠢ ᠡᠰᠡᠷᠭᠦᠴᠡᠬᠦ ᠳᠤ ᠬᠦᠴᠦ ᠨᠡᠮᠡᠷᠢᠯᠡᠵᠡᠢ᠃
      ᠰᠤᠷᠪᠤᠯᠵᠢᠯᠠᠭᠴᠢ ᠶᠢᠨ ᠠᠩᠬᠠᠷᠤᠭᠰᠠᠨ ᠢᠶᠠᠷ᠂ ᠲᠡᠳᠡᠨ ᠤ ᠪᠡᠶ᠎ᠡ ᠳᠡᠭᠡᠷᠡᠬᠢ ᠬᠠᠮᠠᠭᠠᠯᠠᠯᠲᠠ ᠶᠢᠨ ᠬᠤᠪᠴᠠᠰᠤ ᠨᠢ ᠡᠩ ᠤᠨ ᠦᠶ᠎ᠡ ᠶᠢᠨ ᠬᠢ ᠲᠠᠢ ᠵᠢᠭᠠᠬᠠᠨ ᠠᠳᠠᠯᠢ ᠦᠭᠡᠢ ᠪᠠᠶᠢᠵᠤ᠂ ᠨᠢᠭᠡ ᠨᠢᠭᠡ ᠪᠠᠷ ᠢᠶᠠᠨ ︽ᠴᠢᠷᠮᠠᠢ᠂ ᠲᠡᠰᠴᠦ ᠪᠠᠢ︾ ᠭᠡᠰᠡᠨ ᠤᠳᠬ᠎ᠠ ᠠᠭᠤᠯᠭ᠎ᠠ ᠲᠠᠢ ᠬᠠᠮᠠᠭᠠᠯᠠᠯᠲᠠ ᠶᠢᠨ ᠬᠤᠪᠴᠠᠰᠤ ᠨᠢ ᠬᠠᠮᠠᠭᠠᠯᠠᠯᠲᠠ ᠶᠢᠨ ᠬᠤᠪᠴᠠᠰᠤ ᠳᠡᠭᠡᠷ᠎ᠡ ᠢᠯᠡᠷᠡᠵᠦ᠂ ᠬᠠᠯᠠᠭᠤᠨ ᠳᠤᠯᠠᠭᠠᠨ ᠪᠥᠭᠡᠳ ᠳᠣᠲᠣᠨᠣ ᠬᠠᠷᠠᠭᠳᠠᠨ᠎ᠠ᠃ ᠲᠠᠨᠢᠯᠴᠠᠭᠤᠯᠤᠭᠰᠠᠨ ᠢᠶᠠᠷ᠂ ᠡᠲᠡᠭᠡᠷ ᠬᠥᠮᠥᠰ ᠤᠨ ᠰᠡᠳᠬᠢᠯ ᠢ ᠵᠣᠷᠢᠭᠵᠢᠭᠤᠯᠤᠮ᠎ᠠ ᠱᠤᠭ ᠵᠢᠷᠤᠭ ᠨᠢ ᠴᠥᠮ ᠠᠶᠢᠮᠠᠭ ᠤᠨ ᠠᠨ ᠱᠧᠨ ᠡᠮᠨᠡᠯᠭᠡ ᠶᠢᠨ ᠬᠤᠷᠢᠶᠠᠨ ᠤ ᠲᠡᠯᠡᠶ ᠭᠡᠳᠡᠭ ᠡᠷᠡᠭᠲᠡᠢ ᠰᠤᠪᠢᠯᠠᠭᠴᠢ ᠶᠢᠨ ᠭᠠᠷ ᠠᠴᠠ ᠢᠷᠡᠯᠲᠡ ᠲᠠᠢ ᠶᠤᠮ᠃ ᠲᠡᠷᠡ ᠠᠮᠠᠷᠠᠨ ᠴᠡᠭᠴᠡᠯᠡᠬᠦ ᠴᠠᠭ ᠢᠶᠠᠨ ᠠᠰᠢᠭᠯᠠᠨ ᠬᠠᠮᠠᠭᠠᠯᠠᠯᠲᠠ ᠶᠢᠨ ᠬᠤᠪᠴᠠᠰᠤᠨ ᠳᠡᠭᠡᠷ᠎ᠡ ᠪᠠᠨ ᠵᠢᠷᠤᠭ ᠵᠢᠷᠤᠵᠤ᠂ ᠴᠠᠭᠠᠨ ᠬᠤᠪᠴᠠᠰᠤᠨ ᠳᠤ ᠬᠡ ᠤᠭᠠᠯᠵᠠ ᠪᠠ ᠥᠩᠭᠡ ᠪᠤᠳᠤᠭ ᠨᠡᠮᠡᠷᠢᠯᠡᠭᠰᠡᠨ ᠪᠠᠶᠢᠨ᠎ᠠ᠃ ᠡᠨᠡ ᠨᠢ ᠡᠮᠴᠢ ᠰᠤᠪᠢᠯᠠᠭᠴᠢᠳ᠂ ᠳᠠᠭᠠᠭᠠᠴᠢᠯᠠᠨ ᠬᠤᠯᠪᠣᠭᠠᠯᠠᠬᠤ ᠠᠵᠢᠯᠲᠠᠨ ᠵᠢᠴᠢ ᠰᠠᠶᠢᠨ ᠳᠤᠷ᠎ᠠ   ᠶᠢᠨ ᠠᠵᠢᠯᠯᠠᠭᠴᠢᠳ ᠲᠤ ᠬᠦᠴᠦ ᠨᠡᠮᠡᠬᠦ   ᠶᠢᠨ ᠲᠥᠯᠥᠭᠡ ᠶᠤᠮ᠃       ᠡᠨᠡᠬᠦ ᠳᠠᠷᠢ ᠶᠢᠨ ᠤᠲᠤᠭ᠎ᠠ ᠦᠭᠡᠢ ︽ᠳᠠᠶᠢᠨ ᠤ ᠲᠠᠯᠠᠪᠤᠷ︾ ᠳᠡᠭᠡᠷ᠎ᠡ᠂ ︽ᠰᠥᠷᠭᠡᠦ ᠠᠵᠢᠯᠯᠠᠭᠴᠢ︾ ᠨᠢ ᠭᠠᠭᠴᠠᠭᠠᠷᠳᠠᠮᠠᠯ ᠪᠢᠰᠢ ᠶᠤᠮ᠃ ᠠᠶᠤᠯ ᠲᠦᠭᠰᠢᠭᠦᠷᠢ ᠲᠠᠢ ᠦᠶ᠎ᠡ ᠳᠤ ᠴᠡᠭᠡᠵᠢ ᠲᠦᠷᠢᠨ ᠭᠠᠷᠴᠤ ᠢᠷᠡᠭᠰᠡᠨ ᠡᠭᠡᠯ ᠵᠢᠷ ᠤᠨ ᠬᠥᠮᠥᠰ ᠤᠳ ᠬᠦᠴᠦᠷᠬᠡᠭ ᠶᠡᠭᠡ ᠬᠦᠴᠦᠨ ᠴᠢᠳᠠᠯ ᠢ ᠬᠤᠷᠠᠮᠳᠤᠭᠤᠯᠤᠨ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠡᠳᠬᠢᠯ ᠨᠢᠭᠡᠳᠦᠨ ︽ᠬᠢᠵᠢᠭ︾ ᠢ ᠡᠰᠡᠷᠭᠦᠴᠡᠵᠦ᠂ ᠴᠠᠭ ᠤᠨ ᠪᠡᠷᠬᠡ ᠶᠢ ᠬᠠᠮᠲᠤ ᠪᠠᠷ ᠳᠤᠭᠤᠯᠵᠤ᠂ ᠬᠠᠯᠠᠭᠤᠨ ᠳᠤᠯᠠᠭᠠᠨ ᠢᠶᠠᠷ ᠬᠠᠮᠲᠤ ᠤᠷᠤᠭᠰᠢᠯᠠᠨ᠎ᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号