︽ᠬᠦᠴᠦ ᠪᠠᠨ ᠬᠠᠮᠲᠤᠳᠬᠠᠨ ᠬᠢᠵᠢᠭ ᠤᠨ ᠪᠠᠶᠢᠳᠠᠯ ᠢ ᠡᠰᠡᠷᠭᠦᠴᠡᠶ᠎ᠡ︾  ᠮᠠᠨ ᠤ ᠬᠤᠲᠠ ᠣᠯᠠᠨ ᠠᠷᠭ᠎ᠠ ᠬᠡᠮᠵᠢᠶ᠎ᠡ ᠠᠪᠴᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠬᠢᠯᠡᠯᠲᠡ ᠶᠢ ᠪᠠᠲᠤ ᠪᠠᠬᠢ ᠪᠠᠶᠢᠭᠤᠯᠤᠨ᠎ᠠ
ᠨᠡᠶᠢᠲᠡᠯᠡᠭᠰᠡᠨ ᠴᠠᠭ᠄
2022/8/2
  8 ᠰᠠᠷ᠎ᠠ ᠶᠢᠨ 1 ᠤ ᠡᠳᠦᠷ᠂ ᠰᠤᠷᠪᠤᠯᠵᠢᠯᠠᠭᠴᠢ ᠡᠷᠢᠶᠡᠨ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠠᠷᠪᠠᠨ ᠲᠠᠪᠤᠳᠤᠭᠠᠷ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ  ᠨᠢ᠂ ᠮᠠᠨ ᠤ ᠬᠤᠲᠠ ᠶᠢᠨ ᠬᠢᠨ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠪᠠᠲᠤ ᠪᠠᠬᠢᠯᠡᠯᠲᠡ ᠶᠢ ᠪᠠᠬᠢᠵᠢᠭᠦᠯᠪᠡ᠃   7 ᠰᠠᠷ᠎ᠠ ᠶᠢᠨ 30 ᠤ ᠡᠳᠦᠷ ᠠᠴᠠ ᠡᠬᠢᠯᠡᠨ᠂ ᠮᠠᠨ ᠤ ᠬᠤᠲᠠ ᠨᠡᠶᠢᠭᠡᠮ ᠤᠨ ᠲᠠᠯ᠎ᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠵᠢᠯᠤᠭᠤᠳᠬᠤ ᠭᠠᠵᠠᠷ ᠤᠨ ᠠᠯᠪᠠᠨ ᠵᠠᠷ ᠨᠡᠶᠢᠲᠡᠯᠡᠵᠦ᠂ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠡᠬᠢᠯᠡᠨ ᠬᠡᠷᠡᠭᠵᠢᠭᠦᠯᠵᠦ᠂ ︽ᠠᠷᠭ᠎ᠠ ᠴᠢᠨᠠᠷᠲᠠᠢ︾ ᠬᠥᠮᠥᠰ ᠤᠨ ᠪᠠᠶᠢᠭ᠎ᠠ ᠵᠢᠵᠢᠭ ᠲᠣᠭᠤᠷᠢᠭ ᠲᠤ ᠪᠢᠲᠡᠭᠦᠮᠵᠢᠯᠡᠨ ᠡᠵᠡᠮᠳᠡᠬᠦ ᠬᠠᠮᠢᠶᠠᠷᠤᠯᠲᠠ ᠶᠢ ᠬᠡᠷᠡᠭᠵᠢᠭᠦᠯᠪᠡ᠃ ᠡᠯ᠎ᠡ ᠵᠠᠮ ᠬᠠᠷᠢᠯᠴᠠᠭᠠᠨ ᠤ ᠵᠠᠮ ᠳᠤ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠵᠦ᠂ ᠵᠠᠰᠠᠮᠠᠯ ᠵᠠᠮ᠂ ᠲᠡᠮᠦᠷ ᠵᠠᠮ᠂ ᠠᠭᠠᠷ ᠤᠨ ᠠᠶᠠᠯᠠᠯ ᠵᠡᠷᠭᠡ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠭᠡᠭᠡᠪᠦᠷᠢ ᠶᠢ ᠵᠣᠭᠰᠣᠭᠠᠪᠠ᠃ ᠬᠤᠳᠠ ᠶᠢᠨ ᠪᠣᠭᠤᠮᠲᠠ ᠪᠠᠷ ᠣᠷᠣᠵᠤ ᠭᠠᠷᠬᠤ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠷ ᠴᠠᠭ ᠤᠨ 12 ᠵᠢᠵᠢᠭᠦᠷᠯᠡᠬᠦ ᠭᠠᠵᠠᠷ ᠢ ᠨᠡᠮᠡᠨ ᠪᠠᠶᠢᠭᠤᠯᠵᠤ᠂ ᠲᠣᠭᠤᠷᠢᠨ ᠴᠠᠭᠳᠠᠬᠤ ᠳᠤᠭᠤᠶᠢᠯᠠᠩ ᠤᠨ ᠬᠢᠨ 24 ᠴᠠᠭ ᠢᠶᠠᠷ ᠵᠢᠵᠢᠭᠦᠷᠯᠡᠵᠦ ᠠᠵᠢᠯ ᠳᠤ ᠪᠡᠯᠡᠳᠬᠡᠪᠡ᠃ ︽ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠥᠷᠲᠡᠭᠡ ᠪᠠᠷ ᠲᠣᠭᠤᠷᠢᠨ ᠶᠠᠪᠤᠬᠤ ᠶᠢ ᠴᠢᠩᠭ᠎ᠠ ᠴᠠᠭᠠᠵᠠᠯᠠᠬᠤ ᠲᠤᠬᠠᠢ ᠠᠯᠪᠠᠨ ᠵᠠᠷ︾ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠭᠳᠡᠯ ᠤᠨ ᠪᠢᠴᠢᠭ︾ ᠢ ᠳᠠᠷᠤᠮᠠᠯᠯᠠᠨ ᠲᠠᠷᠬᠠᠭᠠᠵᠤ᠂ ᠣᠯᠠᠨ ᠲᠦᠮᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠵᠡᠯ ᠤᠬᠠᠮᠰᠠᠷ ᠢ ᠳᠡᠭᠡᠭᠰᠢᠯᠡᠭᠦᠯᠪᠡ᠃ ︽ᠡᠷᠢᠶᠡᠨ ᠬᠤᠲᠠ ᠶᠢᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠭᠡᠨᠡᠳᠲᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠨᠡᠶᠢᠭᠡᠮ ᠲᠣᠭᠤᠷᠢᠭ ᠤᠨ ᠬᠠᠮᠢᠶᠠᠷᠤᠨ ᠡᠵᠡᠮᠳᠡᠬᠦ ᠠᠵᠢᠯ ᠤᠨ ᠲᠥᠰᠥᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠨᠦᠭᠦᠳ ᠵᠢᠵᠢᠭ ᠲᠣᠭᠤᠷᠢᠭ ᠤᠨ ᠪᠢᠲᠡᠭᠦᠮᠵᠢᠯᠡᠨ ᠡᠵᠡᠮᠳᠡᠬᠦ ︵ᠪᠢᠲᠡᠭᠦᠮᠵᠢᠯᠡᠬᠦ︶ ᠬᠠᠮᠢᠶᠠᠷᠤᠯᠲᠠ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠢ ᠳᠣᠷᠣᠭᠰᠢ ᠪᠠᠭᠤᠯᠭᠠᠨ ᠥᠷᠨᠢᠭᠦᠯᠵᠦ᠂ ︽ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠥᠷᠪᠡ ᠶᠢ ᠲᠣᠳᠣᠷᠬᠠᠶᠢᠯᠠᠬᠤ ᠡᠬᠡ ᠲᠠᠩᠰᠠ︾ ᠶᠢ ᠵᠣᠬᠢᠶᠠᠵᠤ᠂ ᠡᠳ᠋ ᠪᠣᠳᠠᠰ ᠲᠣᠬᠢᠷᠠᠭᠤᠯᠤᠨ ᠬᠦᠷᠭᠡᠬᠦ ᠥᠷᠲᠡᠭᠡ ᠪᠠᠶᠢᠭᠤᠯᠤᠨ᠂ ᠰᠦᠯᠵᠢᠶᠡᠨ ᠳᠡᠭᠡᠷ᠎ᠡ ᠪᠠᠷᠠᠭ᠎ᠠ ᠬᠤᠳᠠᠯᠳᠤᠨ ᠠᠪᠬᠤ ᠵᠠᠭᠪᠤᠷ ᠢ ᠡᠬᠢᠯᠡᠭᠦᠯᠵᠦ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号