ᠡᠷᠢᠶᠡᠨ ᠬᠤᠲᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ  ᠠᠶᠢᠮᠠᠭ ᠤᠨ ᠨᠠᠮ ᠤᠨ ᠬᠤᠷᠢᠶᠠᠨ ᠤ ᠱᠦᠵᠢ ᠶᠣᠣ ᠶᠦᠩ ᠪᠥᠸᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2022/8/2
    8 ᠰᠠᠷ᠎ᠠ ᠶᠢᠨ 1 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠶᠣᠣ ᠶᠦᠩ ᠪᠥᠸᠧ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠡᠷᠢᠶᠡᠨ ᠬᠤᠲᠠ ᠶᠢᠨ ᠲᠣᠰ ᠡᠭᠡᠯᠵᠢ ᠶᠢᠨ ᠬᠢᠵᠢᠭ ᠤᠨ ᠪᠠᠶᠢᠳᠠᠯ ᠢ ᠰᠢᠢᠳᠪᠦᠷᠢᠯᠡᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠯᠥᠸᠧ ᠴᠢᠩ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢᠦ ᡁᠢ ᠫᠢᠩ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠸᠠᠩ ᠰᠠᠨ ᠱᠢ᠂ ᠠᠶᠢᠮᠠᠭ ᠤᠨ ᠳᠡᠳ᠋ ᠳᠠᠷᠤᠭ᠎ᠠ᠂ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠼᠤᠤ ᠸᠧᠨ ᠴᠢᠩ ᠵᠢᠴᠢ ᠠᠶᠢᠮᠠᠭ ᠬᠤᠲᠠ ᠬᠤᠶᠠᠷ ᠱᠠᠲᠤᠨ ᠤ ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ ᠳᠤ ᠣᠷᠣᠯᠴᠠᠵᠠᠢ᠃     ᠬᠤᠷᠠᠯ ᠠᠴᠠ᠂ ᠡᠷᠢᠶᠡᠨ ᠬᠤᠲᠠ ᠶᠢᠨ ᠲᠣᠰ ᠡᠭᠡᠯᠵᠢ ᠶᠢᠨ ᠬᠢᠵᠢᠭ ᠤᠨ ᠪᠠᠶᠢᠳᠠᠯ ᠬᠦᠨᠳᠦ ᠨᠣᠴᠢᠲᠠᠢ ᠪᠠᠶᠢᠵᠤ᠂ ᠣᠯᠠᠨ ᠲᠠᠯ᠎ᠠ ᠪᠠᠷ ᠲᠠᠷᠬᠠᠵᠤ ᠪᠠᠶᠢᠭ᠎ᠠ ᠣᠨᠴᠠᠯᠢᠭ ᠢᠯᠡᠷᠡᠵᠦ ᠪᠠᠶᠢᠨ᠎ᠠ᠂ ᠪᠥᠬᠦ ᠬᠤᠲᠠ ᠪᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠬᠦᠨᠳᠦ ᠬᠡᠴᠡᠭᠦᠦ ᠪᠠᠶᠢᠳᠠᠯ ᠢ ᠲᠣᠳᠣᠷᠬᠠᠢ ᠲᠠᠨᠢᠵᠤ᠂ ᠮᠢᠨᠴᠦᠭᠦᠷᠡᠬᠦ ᠦᠵᠡᠯ᠂ ᠵᠠᠪᠰᠢᠬᠤ ᠰᠡᠳᠬᠢᠴᠡ ᠶᠢ ᠡᠷᠡᠰ ᠲᠠᠰᠤ ᠬᠤᠷᠢᠭᠯᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠵᠢᠭᠠᠪᠤᠷᠢ ᠱᠠᠭᠠᠷᠳᠠᠯᠭ᠎ᠠ ᠪᠠ ᠬᠢᠵᠢᠭ ᠤᠨ ᠪᠠᠶᠢᠳᠠᠯ ᠢ ᠰᠢᠢᠳᠪᠦᠷᠢᠯᠡᠬᠦ ᠲᠥᠰᠥᠯ ᠢ ᠨᠦᠬᠦᠴᠡᠯ ᠦᠭᠡᠢ ᠪᠠᠷ ᠴᠢᠩᠭ᠎ᠠ ᠬᠡᠷᠡᠭᠵᠢᠭᠦᠯᠵᠦ᠂ ᠬᠠᠮᠤᠭ ᠣᠬᠤᠷ ᠬᠤᠭᠤᠴᠠᠭᠠᠨ ᠳᠤ ᠬᠢᠵᠢᠭ ᠤᠨ ᠪᠠᠶᠢᠳᠠᠯ ᠢ ᠠᠷᠢᠯᠭᠠᠬᠤ ᠬᠡᠷᠡᠭᠳᠠᠢ ᠭᠡᠵᠦ ᠵᠢᠭᠠᠵᠦ ᠭᠠᠷᠭᠠᠪᠠ᠃     ᠬᠤᠷᠠᠯ ᠠᠴᠠ᠂ ᠡᠷᠢᠶᠡᠨ ᠬᠤᠳᠠ ︽ᠲᠦᠷᠭᠡᠨ᠂ ᠴᠢᠩᠭ᠎ᠠ᠂ ᠨᠠᠷᠢᠯᠢᠭ᠂ ᠪᠣᠳᠠᠲᠠᠢ︾ ᠠᠵᠢᠯ ᠤᠨ ᠱᠠᠭᠠᠷᠳᠠᠯᠭ᠎ᠠ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠦᠬᠦ ᠶᠠᠪᠤᠴᠠ᠂ ᠪᠦᠬᠦ ᠬᠡᠯᠬᠢᠶ᠎ᠡ ᠳᠤ ᠲᠤᠤᠱᠯᠠᠭᠤᠯᠵᠤ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠵᠢᠯᠴᠠᠵᠤ᠂ ᠬᠠᠮᠵᠢᠯᠴᠠᠨ ᠪᠠᠶᠢᠯᠳᠤᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠬᠦᠴᠦᠲᠡᠢ ᠪᠥᠭᠡᠳ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠥᠬᠦ ᠬᠤᠲᠠ ᠶᠢᠨ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠪᠣᠶ ᠪᠦᠬᠦᠢ ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠵᠤ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ᠂ ᠢᠷᠡᠯᠳᠠ ᠶᠢ ᠨᠢ ᠮᠥᠷᠳᠡᠬᠦ᠂ ᠳᠠᠮᠵᠢᠭᠤᠯᠤᠨ ᠵᠥᠭᠡᠭᠡᠪᠦᠷᠢᠯᠡᠬᠦ ᠶᠢ ᠬᠠᠮᠢᠶᠠᠷᠬᠤ᠂ ᠲᠤᠰᠠᠭᠠᠷᠯᠠᠵᠤ ᠬᠠᠮᠢᠶᠠᠷᠤᠨ ᠡᠵᠡᠮᠳᠡᠬᠦ᠂ ᠡᠳ᠋ ᠪᠣᠳᠠᠰ ᠢ ᠨᠥᠭᠡᠴᠡᠯᠡᠬᠦ ᠵᠡᠷᠭᠡ ᠡᠯ᠎ᠡ ᠭᠤᠭᠴᠤᠭ᠎ᠠ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠩ ᠲᠦᠷᠭᠡᠨ᠂ ᠨᠡᠩ ᠡᠷᠡᠰ ᠰᠢᠭᠤᠷᠬᠠᠢ᠂ ᠨᠡᠩ ᠡᠷᠡᠰ ᠴᠢᠩᠭ᠎ᠠ ᠠᠷᠭ᠎ᠠ ᠬᠡᠮᠵᠢᠶ᠎ᠡ ᠪᠠᠷ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠬᠡᠯᠬᠢᠶ᠎ᠡ ᠶᠢ ᠲᠠᠰᠤᠯᠬᠤ ᠬᠡᠷᠡᠭᠲᠡᠢ᠃ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠩᠬᠠᠷᠴᠤ᠂ ᠠᠷᠠᠳ ᠤᠨ ᠠᠮᠢᠳᠤᠷᠠᠯ ᠤᠨ ᠪᠠᠲᠤᠯᠠᠪᠤᠷᠢ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠤᠬᠠᠭᠤᠯᠬᠤ ᠠᠷᠭ᠎ᠠ ᠬᠡᠯᠪᠡᠷᠢ ᠶᠢ ᠪᠠᠶᠠᠯᠢᠭᠵᠢᠭᠤᠯᠵᠤ᠂ ᠰᠠᠭᠤᠭᠠᠯᠢ ᠠᠷᠠᠳ ᠢ ᠰᠡᠳᠬᠢᠯ ᠠᠮᠤᠷ ᠬᠢᠵᠢᠭ ᠢ ᠰᠡᠷᠭᠡᠶᠢᠯᠡᠬᠦ ᠳᠤ ᠬᠠᠮᠵᠢᠯᠴᠠᠭᠤᠯᠬᠤ ᠬᠡᠷᠡᠭᠲᠡᠢ᠃ ᠬᠢᠵᠢᠭ ᠤᠨ ᠪᠠᠶᠢᠳᠠᠯ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ︽ᠭᠠᠳᠠᠭᠠᠳᠤ ᠠᠴᠠ ᠬᠠᠯᠳᠠᠪᠣᠷᠢᠯᠠᠨ ᠣᠷᠣᠬᠤ ᠶᠢ ᠰᠡᠷᠭᠡᠶᠢᠯᠡᠬᠦ︾ ᠪᠠ ︽ᠪᠣᠭᠤᠮᠲᠠ ᠪᠠᠷ ᠥᠩᠭᠡᠷᠡᠬᠦ︾ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠣᠭᠤᠮᠲᠠ ᠶᠢᠨ ᠪᠢᠲᠡᠭᠦᠦ ᠡᠵᠡᠮᠰᠢᠯᠳᠦ ᠬᠠᠮᠢᠶᠠᠷᠤᠯᠲᠠ ᠶᠢ ᠴᠢᠩᠭᠠᠳᠬᠠᠵᠤ᠂ ᠪᠣᠭᠤᠮᠲᠠ ᠪᠠᠷ ᠥᠩᠭᠡᠷᠡᠬᠦ ᠶᠢᠨ ᠤᠷᠤᠭᠰᠢᠲᠠᠢ ᠶᠠᠪᠤᠭᠳᠠᠬᠤ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠬᠢᠵᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ ᠭᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号