【 ᠣᠯᠠᠨ ᠢᠶᠠᠷ ᠢᠶᠠᠨ ᠰᠡᠳᠬᠢᠯ ᠨᠢᠭᠡᠳᠦᠨ ᠬᠢᠵᠢᠭ ᠤᠨ ᠪᠠᠶᠢᠳᠠᠯ ᠢ ᠡᠰᠡᠷᠭᠦᠴᠡᠵᠦ · ᠪᠠᠷᠠᠭᠠᠨ ᠤ ᠲᠡᠭᠡᠭᠡᠪᠦᠷᠢ ᠶᠢ ᠲᠣᠭᠲᠠᠪᠤᠷᠢᠵᠢᠭᠤᠯᠵᠤ ᠰᠠᠭᠠᠳ ᠦᠭᠡᠢ ᠨᠡᠪᠲᠡᠷᠡᠭᠦᠯᠬᠦ ᠶᠢ ᠪᠠᠳᠣᠯᠠᠶ᠎ᠠ】 ᠡᠷᠢᠶᠡᠨ ᠵᠠᠰᠠᠮᠠᠯ ᠵᠠᠮ ᠤᠨ ᠪᠣᠭᠤᠮᠲᠠ ᠶᠢᠨ 7 ᠳ᠋ᠤᠭᠠᠷ ᠰᠠᠷ᠎ᠠ ᠶᠢᠨ ᠵᠢᠮᠢᠰ ᠢᠳᠡᠰᠢᠨ ᠨᠣᠭᠤᠭ᠎ᠠ ᠶᠢᠨ ᠭᠠᠳᠠᠭᠠᠳᠤ ᠭᠠᠷᠭᠠᠯᠲᠠ ᠲᠦᠷᠦᠭᠦᠸ ᠰᠠᠷ᠎ᠠ ᠶᠢᠨ  ᠬᠢ ᠠᠴᠠ ᠪᠠᠨ 8.65% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2022/8/22
      ᠡ᠊ᠷᠢᠶᠡᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ 1-7 ᠰᠠᠷ᠎ᠠ ᠳᠤ ᠡᠷᠢᠶᠡᠨ ᠵᠠᠰᠠᠮᠠᠯ ᠵᠠᠮ ᠤᠨ ᠪᠣᠭᠤᠮᠲᠠ ᠶᠢᠨ ᠭᠠᠳᠠᠭᠠᠳᠤ ᠳᠤ ᠭᠠᠷᠭᠠᠭᠰᠠᠨ ᠵᠢᠮᠢᠰ ᠨᠣᠭᠤᠭ᠎ᠠ ᠨᠡᠶᠢᠲᠡ 3.55 ᠲᠦᠮᠡᠨ ᠲᠣᠨ ᠪᠠᠶᠢᠵᠤ᠂ ᠪᠠᠷᠠᠭᠠᠨ ᠤ ᠥᠷᠲᠡᠭ ᠨᠢ 6217.7 ᠲᠦᠮᠡᠨ ᠲᠥᠭᠦᠷᠢᠭ ᠪᠣᠯᠣᠨ᠎ᠠ︔7 ᠰᠠᠷ᠎ᠠ ᠳᠤ᠂ ᠭᠠᠳᠠᠭᠠᠳᠤ ᠳᠤ ᠭᠠᠷᠭᠠᠭᠰᠠᠨ ᠵᠢᠮᠢᠰ ᠨᠣᠭᠤᠭ᠎ᠠ 0.78 ᠲᠦᠮᠡᠨ ᠲᠣᠨ ᠳᠤ ᠬᠦᠷᠴᠦ᠂  8.65% ᠨᠡᠮᠡᠭᠳᠡᠵᠡᠢ᠃
   ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠶᠢᠨ ᠬᠢᠨ ᠵᠢᠮᠢᠰ ᠢᠳᠡᠰᠢᠨ ᠨᠣᠭᠤᠭ᠎ᠠ ᠶᠢᠨ ᠬᠢᠨᠠᠯᠲᠠ ᠬᠠᠮᠢᠶᠠᠷᠤᠯᠲᠠ ᠶᠢᠨ ᠬᠥᠮᠥᠷᠭᠡ ᠶᠢᠨ ᠪᠣᠳᠠᠲᠤ ᠪᠠᠷᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠬᠠᠮᠲᠤ ᠪᠠᠶᠢᠩᠭᠤᠵᠢᠭᠤᠯᠤᠭᠰᠠᠨ ᠬᠠᠶᠢᠷᠴᠠᠭ ᠲᠤ ᠰᠠᠪᠠᠯᠠᠬᠤ ᠪᠠᠶᠢᠴᠠᠭᠠᠯᠲᠠ ᠬᠢᠵᠦ᠂ ᠵᠢᠮᠢᠰ ᠢᠳᠡᠰᠢᠨ ᠨᠣᠭᠤᠭ᠎ᠠ ᠶᠢ ᠬᠠᠳᠠᠭᠠᠯᠠᠬᠤ ᠴᠠᠭ ᠢ ᠤᠷᠲᠤᠳᠬᠠᠬᠤ ᠦᠭᠡᠢ ᠪᠠᠶᠢᠬᠤ ᠤᠷᠢᠲᠠᠯ ᠳᠣᠣᠷ᠎ᠠ᠂ ᠮᠡᠳᠡᠭᠦᠯᠦᠭᠰᠡᠨ ᠦᠭᠡᠢ ᠵᠦᠢᠯ ᠪᠠᠶᠢᠬᠤ ᠡᠰᠡᠬᠦ ᠶᠢ ᠰᠣᠩᠭᠤᠨ ᠪᠠᠶᠢᠴᠠᠭᠠᠵᠤ᠂ ᠵᠢᠮᠢᠰ ᠢᠳᠡᠰᠢᠨ ᠨᠣᠭᠤᠭ᠎ᠠ ᠶᠢᠨ ᠭᠠᠳᠠᠭᠠᠳᠤ ᠭᠠᠷᠭᠠᠯᠲᠠ ᠶᠢᠨ ᠰᠠᠭᠠᠳ ᠦᠭᠡᠢ ᠶᠠᠪᠤᠭᠳᠠᠬᠤ ᠶᠢ ᠪᠠᠲᠤᠯᠠᠪᠠ᠃ ᠭᠠᠳᠠᠭᠠᠳᠤ ᠳᠤ ᠭᠠᠷᠭᠠᠬᠤ ᠲᠠᠷᠢᠶᠠᠯᠠᠩ ᠤᠨ ᠪᠦᠲᠦᠭᠡᠭᠳᠡᠬᠦᠨ ᠤ ︽ᠰᠠᠭᠠᠳ ᠦᠭᠡᠢ ᠨᠡᠪᠲᠡᠷᠡᠬᠦ ᠵᠠᠮ︾ ᠤᠨ ᠲᠤᠰᠬᠠᠢ ᠮᠡᠳᠡᠭᠦᠯᠬᠦ ᠴᠣᠩᠬᠤ ᠶᠢ ᠦᠷᠭᠦᠯᠵᠢᠯᠡᠨ ᠨᠡᠭᠡᠭᠡᠵᠦ᠂ ᠤᠷᠢᠳᠴᠢᠯᠠᠨ ᠮᠡᠳᠡᠭᠦᠯᠬᠦ᠂ ᠤᠷᠢᠳ ᠢᠶᠠᠷ ᠬᠢᠨᠠᠨ ᠵᠥᠪᠰᠢᠶᠡᠷᠡᠬᠦ ᠵᠡᠷᠭᠡ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠠᠷᠭ᠎ᠠ ᠬᠡᠮᠵᠢᠶ᠎ᠡ ᠶᠢ ᠠᠪᠴᠤ᠂ ᠮᠡᠳᠡᠭᠦᠯᠬᠦ ᠬᠠᠭᠤᠳᠠᠰᠤ ᠪᠠᠷᠢᠮᠲᠠ ᠶᠢ ᠳᠥᠭᠦᠮᠴᠢᠯᠡᠨ᠂ ᠬᠠᠭᠤᠳᠠᠰᠤ ᠭᠥᠯᠢᠶᠡᠨ ᠠᠪᠬᠤ ᠪᠠ ᠬᠠᠭᠤᠳᠠᠰᠤ ᠬᠢᠨᠠᠬᠤ ᠬᠤᠷᠳᠤᠴᠠ ᠶᠢ ᠲᠦᠷᠭᠡᠳᠬᠡᠨ᠎ᠡ᠃ ᠡᠷᠢᠶᠡᠨ ᠬᠤᠲᠠ ︱ ᠵᠠᠮ ᠤᠨ ᠡᠭᠦᠳᠡ ᠶᠢᠨ ᠰᠢᠨ᠎ᠡ ᠰᠣᠷᠭᠤᠭ ᠪᠠᠶᠢᠯᠭᠠᠬᠤ ᠢᠳᠡᠰᠢᠨ ᠨᠣᠭᠤᠭ᠎ᠠ ᠶᠢ ᠪᠣᠭᠤᠮᠲᠠ ᠪᠠᠷ ᠲᠦᠷᠭᠡᠨ ᠥᠩᠭᠡᠷᠡᠭᠦᠯᠬᠦ ︽ᠰᠠᠭᠠᠳ ᠦᠭᠡᠢ ᠨᠡᠪᠲᠡᠷᠡᠬᠦ ᠵᠠᠮ︾ ᠢ ᠦᠷᠭᠦᠯᠵᠢᠯᠡᠨ ᠰᠠᠭᠠᠳ ᠦᠭᠡᠢ ᠨᠠᠪᠲᠠᠷᠡᠭᠦᠯᠵᠦ᠂ ᠲᠦᠭᠦᠬᠡᠢ ᠰᠣᠷᠭᠤᠭ ᠵᠢᠮᠢᠰ ᠨᠣᠭᠤᠭ᠎ᠠ ᠶᠢ ᠳᠠᠷᠤᠶᠢᠬᠠᠨ ᠪᠠᠶᠢᠴᠠᠭᠠᠪᠠᠯ ᠳᠠᠷᠤᠶᠢᠬᠠᠨ ᠲᠠᠯᠪᠢᠵᠤ ᠶᠠᠪᠤᠭᠤᠯᠬᠤ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ ᠪᠣᠭᠤᠮᠲᠠ ᠶᠢᠨ ᠬᠠᠮᠢᠶᠠᠷᠤᠯᠲᠠ ᠶᠢᠨ ᠠᠵᠢᠯ ᠤᠨ ᠲᠤᠰᠬᠠᠢ ᠡᠭᠡᠯᠵᠢ ᠵᠢᠴᠢ ᠢ ᠰᠢᠨ ᠭᠠᠳᠠᠭᠰᠢ ᠲᠡᠭᠡᠭᠡᠪᠦᠷᠢᠯᠡᠬᠦ ᠲᠡᠭᠡᠭᠡᠪᠦᠷᠢ ᠶᠢᠨ ᠲᠠᠪᠴᠠᠩ ᠯᠤᠭ᠎ᠠ ᠶᠢᠨ ᠵᠣᠬᠢᠴᠠᠯᠳᠤᠨ ᠨᠡᠪᠲᠡᠷᠡᠯᠴᠡᠬᠦ ᠶᠢ ᠴᠢᠩᠭᠠᠳᠬᠠᠵᠤ᠂ ᠵᠢᠮᠢᠰ ᠢᠳᠡᠰᠢᠨ ᠨᠣᠭᠤᠭ᠎ᠠ ᠶᠢᠨ ᠰᠠᠭᠠᠳ ᠦᠭᠡᠢ ᠨᠡᠪᠲᠡᠷᠡᠬᠦ ᠲᠣᠭᠲᠠᠴᠠ ᠶᠢ ᠬᠡᠷᠡᠭᠵᠢᠭᠦᠯᠦᠨ᠂ ᠵᠢᠮᠢᠰ ᠢᠳᠡᠰᠢᠨ ᠨᠣᠭᠤᠭ᠎ᠠ ᠶᠢᠨ ᠴᠢᠩᠭᠡᠯᠢᠭ ᠢ ᠤᠷᠢᠳᠠᠪᠠᠷ ᠠᠴᠢᠶᠠᠯᠠᠵᠤ᠂ ᠰᠠᠭᠠᠳ ᠦᠭᠡᠢ ᠲᠡᠭᠡᠭᠡᠪᠦᠷᠢᠯᠡᠬᠦ ᠶᠢ ᠪᠠᠲᠤᠯᠠᠵᠤ᠂ ᠬᠢᠯᠢ ᠠᠴᠠ ᠭᠠᠷᠬᠤ ᠳᠤ ︽ᠬᠤᠶᠢᠰᠢᠯᠠᠭᠤᠯᠬᠤ ᠦᠭᠡᠢ︾ ᠪᠠᠶᠢᠬᠤ ᠶᠢ ᠪᠡᠶᠡᠯᠡᠭᠦᠯᠦᠨ᠎ᠡ᠃
    ᠣᠶᠢᠯᠠᠭᠠᠭᠰᠠᠨ ᠢᠶᠠᠷ᠂ 2018 ᠣᠨ ᠳᠤ᠂ ᠳᠤᠮᠳᠠᠳᠤ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ︽ᠰᠠᠭᠠᠳ ᠦᠭᠡᠢ ᠨᠡᠪᠲᠡᠷᠡᠬᠦ ᠵᠠᠮ︾ ᠵᠢᠩᠬᠢᠨᠢ ᠪᠠᠷ ᠨᠡᠪᠲᠡᠷᠡᠵᠦ᠂ ᠣᠲᠣ ᠪᠣᠯᠲᠠᠯ᠎ᠠ 4 ᠵᠢᠯ ᠤᠷᠤᠭᠰᠢᠲᠠᠢ ᠠᠵᠢᠯᠯᠠᠵᠤ ᠪᠠᠶᠢᠨ᠎ᠠ ᠃ ᠡᠭᠦᠨ ᠳᠤ ᠠᠯᠮᠤᠷᠠᠳ᠂ ᠵᠦᠷᠵᠢ᠂ ᠨᠢᠮᠪᠡᠭᠡ᠂ ᠣᠷᠣᠰ ᠰᠣᠩᠭᠢᠨ᠎ᠠ᠂ ᠯᠠᠵᠤᠤ᠂ ᠥᠷᠭᠡᠰᠦᠲᠦ ᠬᠡᠮᠬᠡ ᠵᠡᠷᠭᠡ 30 ᠭᠠᠷᠤᠢ ᠵᠦᠢᠯ ᠤᠨ ᠵᠢᠮᠢᠰ ᠪᠠ ᠢᠳᠡᠰᠢᠨ ᠨᠣᠭᠤᠭ᠎ᠠ ᠪᠠᠭᠲᠠᠵᠤ᠂ ᠳᠤᠮᠳᠠᠳᠤ ᠮᠣᠩᠭᠤᠯ ᠬᠤᠶᠠᠷ ᠤᠯᠤᠰ ᠤᠨ ᠠᠷᠠᠯᠵᠢᠶᠠᠨ ᠤ ᠵᠠᠮ ᠢᠶᠠᠷ ᠳᠡᠮᠵᠢᠨ ᠮᠣᠩᠭᠤᠯ ᠤᠯᠤᠰ ᠤᠨ ᠠᠷᠠᠳ ᠣᠯᠠᠨ ᠤ ᠬᠤᠭᠤᠯᠠᠨ ᠰᠢᠷᠡᠭᠡᠨ ᠳᠡᠭᠡᠷ᠎ᠡ ᠲᠠᠰᠤᠷᠠᠯᠲᠠ ᠦᠭᠡᠢ ᠬᠦᠷᠭᠡᠭᠳᠡᠵᠦ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号