︽ᠤᠯᠠᠨ ᠢᠶᠠᠷ ᠢᠶᠠᠨ ᠬᠦᠴᠦ ᠪᠠᠨ ᠬᠠᠮᠲᠤᠳᠬᠠᠵᠤ ᠬᠢᠵᠢᠭ ᠤᠨ ᠪᠠᠶᠢᠳᠠᠯ ᠢ ᠡᠰᠡᠷᠭᠦᠴᠡᠶ᠎ᠡ · ᠪᠠᠷᠠᠭᠠᠨ ᠤ ᠲᠡᠭᠡᠭᠡᠪᠦᠷᠢ ᠶᠢ ᠲᠣᠭᠲᠠᠪᠤᠷᠢᠵᠢᠭᠤᠯᠵᠤ ᠰᠠᠭᠠᠳ ᠦᠭᠡᠢ ᠨᠡᠪᠲᠡᠷᠡᠬᠦ ᠶᠢ ᠪᠠᠲᠤᠯᠠᠶ᠎ᠠ︾  ᠡᠷᠢᠶᠡᠨ ᠪᠣᠭᠤᠮᠲᠠ ᠠᠩᠬᠠᠳᠠᠭᠴᠢ  ᠶᠡᠷᠦᠩᠬᠡᠶᠢᠯᠡᠭᠰᠡᠨ ᠪᠤᠰᠤ ᠲᠤᠷᠰᠢᠯᠲᠠ ᠶᠢᠨ ᠣᠷᠣᠨ ᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠤᠬᠠᠶᠢᠯᠠᠭᠰᠠᠨ ᠠᠵᠢᠯ ᠤᠨ ᠳᠠᠷᠤᠯᠲᠠ ᠶᠢᠨ ᠰᠣᠷᠢᠯᠲᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2022/8/23
  ᠣᠶᠢᠷ᠎ᠠ ᠳᠤ᠂ ᠠᠩᠬᠠᠳᠠᠭᠴᠢ ᠪᠦᠯᠦᠭ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠳᠠᠷᠤᠯᠲᠠ ᠶᠢᠨ ᠰᠣᠷᠢᠯᠲᠠ ᠳᠤ ᠬᠡᠷᠡᠭᠯᠡᠬᠦ 465 ᠪᠣᠭᠤᠳᠠᠯ ᠢ ᠬᠤᠲᠠ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠢᠨᠠᠯᠲᠠ ᠬᠠᠮᠢᠶᠠᠷᠤᠯᠲᠠ ᠶᠢᠨ ᠲᠥᠪ ᠲᠤ ᠭᠤᠶᠤᠴᠢᠯᠠᠨ ᠮᠡᠳᠡᠭᠦᠯᠵᠦ᠂ ᠡᠷᠢᠶᠡᠨ ᠪᠣᠭᠤᠮᠲᠠ ᠶᠢᠨ ᠲᠤᠬᠠᠢ ᠶᠢᠨ ᠲᠠᠯᠠᠪᠤᠷ ᠲᠤ ᠬᠢᠨᠠᠨ ᠬᠠᠮᠢᠶᠠᠷᠴᠤ ᠶᠠᠪᠤᠭᠤᠯᠵᠠᠢ᠂ ᠡᠨᠡ ᠨᠢ ᠮᠠᠨ ᠤ ᠬᠤᠲᠠ ᠶᠢᠨ ᠠᠩᠬᠠᠳᠠᠭᠴᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ︽9610︾ ᠭᠠᠳᠠᠭᠠᠳᠤ ᠭᠠᠷᠭᠠᠯᠲᠠ ᠶᠢᠨ ᠲᠤᠬᠠᠶᠢᠯᠠᠭᠰᠠᠨ ᠠᠵᠢᠯ ᠤᠨ ᠰᠣᠷᠢᠯᠲᠠ ᠶᠢ ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ᠂ ᠡᠨᠡ ᠨᠢ ᠮᠥᠨ ᠴᠦ ᠪᠥᠬᠦ ᠣᠷᠣᠨ ᠤ ᠠᠩᠬᠠᠳᠠᠭᠴᠢ ᠵᠢᠱᠢᠶ᠎ᠡ ᠪᠣᠯᠣᠨ᠎ᠠ᠃
   ᠲᠠᠨᠢᠯᠴᠠᠭᠤᠯᠤᠭᠰᠠᠨ ᠢᠶᠠᠷ᠂ ︽9610︾ ᠶᠢᠨ ᠪᠣᠭᠤᠮᠲᠠ ᠳᠤ ᠮᠡᠳᠡᠭᠦᠯᠵᠦ ᠭᠠᠳᠠᠭᠠᠳᠤ ᠳᠤ ᠭᠠᠷᠭᠠᠬᠤ ᠨᠢ ᠪᠠᠭᠲᠠᠭᠠᠮᠵᠢ ᠪᠠᠭ᠎ᠠ᠂ ᠲᠠᠩ ᠬᠡᠮᠵᠢᠶ᠎ᠡ ᠪᠠᠷ ᠣᠯᠠᠨ ᠲᠤᠬᠠᠶᠢᠯᠠᠭᠰᠠᠨ ᠠᠵᠢᠯ ᠳᠤ ᠴᠢᠭᠯᠡᠭᠦᠯᠦᠭᠰᠡᠨ ᠪᠠᠶᠢᠳᠠᠭ᠂ ᠲᠤᠬᠠᠶᠢᠯᠠᠪᠠᠯ ᠡᠩ ᠤᠨ ᠬᠡᠯᠡᠳᠡᠭ ᠪᠠᠷᠠᠭ᠎ᠠ ᠴᠤᠭᠯᠠᠭᠤᠯᠬᠤ ᠵᠠᠭᠪᠤᠷ ᠲᠤ ᠴᠢᠭᠯᠡᠭᠦᠯᠦᠭᠰᠡᠨ ᠶᠤᠮ᠃ ᠤᠯᠤᠰ ᠤᠨ ᠬᠤᠭᠤᠷᠣᠨᠳᠣᠬᠢ ᠲᠦᠷᠭᠡᠨ ᠬᠦᠷᠭᠡᠯᠲᠡ ᠪᠠᠷ ᠪᠠᠷᠠᠭ᠎ᠠ ᠶᠠᠪᠤᠭᠤᠯᠬᠤ ᠳᠠᠭᠠᠨ᠂ ︽ᠨᠠᠷᠢᠨ ᠲᠠᠩᠰᠠ ᠶᠢ ᠬᠠᠷᠭᠤᠭᠤᠯᠤᠨ ᠲᠠᠯᠪᠢᠬᠤ᠂ ᠬᠤᠷᠢᠶᠠᠩᠭᠤᠶᠢᠯᠠᠨ ᠮᠡᠳᠡᠭᠦᠯᠬᠦ / ᠪᠦᠷᠢᠳᠬᠡᠬᠦ︾ ᠠᠷᠭ᠎ᠠ ᠮᠠᠶ᠋ᠢᠭ ᠢ ᠠᠪᠴᠤ᠂ ᠬᠢᠯᠢ ᠠᠯᠤᠰᠯᠠᠭᠰᠠᠨ ᠠᠵᠤ ᠠᠬᠤᠶᠢᠯᠠᠯ ᠠᠴᠠ ᠲᠤᠭ᠎ᠠ ᠪᠠᠷᠢᠮᠲᠠ ᠶᠢ ᠪᠣᠭᠤᠮᠲᠠ᠂ ᠭᠠᠶᠢᠯᠢ ᠶᠢᠨ ᠶᠠᠪᠤᠳᠠᠯ᠂ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠤ ᠬᠦᠷᠭᠡᠨ ᠥᠭᠴᠦ᠂ ᠭᠠᠳᠠᠭᠠᠳᠤ ᠭᠠᠷᠭᠠᠯᠭ᠎ᠠ ᠶᠢᠨ ᠭᠠᠶᠢᠯᠢ ᠶᠢ ᠪᠤᠴᠠᠭᠠᠬᠤ ᠪᠤᠶᠤ ︽ᠪᠢᠯᠧᠲ ᠦᠭᠡᠢ ᠭᠠᠶᠢᠯᠢ ᠠᠴᠠ ᠬᠡᠯᠳᠡᠷᠢᠬᠦᠯᠬᠦ︾ ᠮᠡᠳᠡᠭᠦᠯᠬᠦ ᠠᠷᠭ᠎ᠠ ᠮᠠᠶ᠋ᠢᠭ ᠢ ᠳᠥᠭᠦᠮᠴᠢᠯᠡᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠮᠤᠷ ᠲᠦᠪᠰᠢᠨ ᠤ ᠠᠵᠢᠯᠯᠠᠭ᠎ᠠ ᠳᠤ ᠣᠷᠤᠯᠴᠠᠬᠤ ᠳᠤ ᠰᠢᠭᠤᠳ ᠬᠦᠴᠦᠨ ᠨᠡᠮᠡᠷᠢᠯᠡᠨ᠎ᠡ᠃
  ᠡᠨᠡ ᠵᠢᠯ ᠤᠨ ᠡᠬᠢᠨ ᠠᠴᠠ ᠨᠠᠰᠢ᠂ ᠡᠷᠢᠶᠡᠨ ᠪᠣᠭᠤᠮᠲᠠ ᠶᠢᠨ ᠬᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠢᠯ ᠤᠨ ᠳᠤᠭᠤᠶᠢᠯᠠᠩ ᠢ ᠵᠣᠬᠢᠶᠠᠨ ᠪᠠᠶᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠭᠠᠵᠠᠷ ᠢ ᠲᠥᠯᠥᠪᠵᠢᠭᠦᠯᠦᠨ ᠪᠠᠶᠢᠷᠢᠯᠠᠭᠤᠯᠬᠤ᠂ ᠪᠣᠭᠤᠮᠲᠠ ᠨᠡᠭᠡᠭᠡᠬᠦ᠂ ᠲᠥᠬᠦᠭᠡᠷᠦᠮᠵᠢ ᠤᠭᠰᠠᠷᠠᠬᠤ ᠵᠡᠷᠭᠡ ᠪᠠᠶᠢᠳᠠᠯ ᠤᠨ ᠲᠠᠯ᠎ᠠ ᠪᠠᠷ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠵᠦ᠂ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠭᠠᠵᠠᠷ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠪᠠ᠃ ᠡᠭᠦᠨ ᠤ ᠬᠠᠮᠲᠤ ︽ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠢᠵᠢᠭᠯᠡᠨ ᠪᠣᠷᠣᠯᠠᠭᠤᠯᠬᠤ ᠭᠠᠳᠠᠭᠠᠳᠤ ᠭᠠᠷᠭᠠᠯᠲᠠ ︵9610︶ ᠶᠢᠨ ᠲᠤᠬᠠᠶᠢᠯᠠᠭᠰᠠᠨ ᠠᠵᠢᠯ ᠤᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠰᠣᠷᠢᠯᠲᠠ ᠶᠢᠨ ᠲᠥᠰᠥᠯ︾ ᠢ ᠲᠣᠭᠲᠠᠭᠠᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠪᠣᠳᠠᠲᠤ ᠪᠠᠷᠠᠭ᠎ᠠ ᠶᠢ ᠲᠠᠯᠪᠢᠵᠤ ᠶᠠᠪᠤᠭᠤᠯᠬᠤ ᠲᠤᠬᠠᠶᠢᠯᠠᠭᠰᠠᠨ ᠠᠵᠢᠯ ᠤᠨ ᠴᠤᠪᠤᠷᠠᠯ ᠢ ᠨᠠᠷᠢᠨ ᠨᠢᠮᠪᠠᠢ ᠤᠯᠠᠷᠢᠭᠤᠯᠤᠨ᠂ ᠡᠯ᠎ᠡ ᠭᠤᠣᠯ ᠴᠣᠭᠴᠠ ᠶᠢᠨ ᠡᠷᠬᠡ ᠬᠠᠷᠢᠭᠤᠴᠠᠯᠭ᠎ᠠ ᠡᠭᠦᠷᠭᠡ ᠶᠢ ᠲᠣᠳᠣᠷᠬᠠᠶᠢᠯᠠᠨ᠎ᠠ᠃ ᠳᠠᠷᠤᠯᠲᠠ ᠶᠢᠨ ᠰᠣᠷᠢᠯᠲᠠ ᠠᠴᠠ ᠡᠮᠦᠨ᠎ᠡ ᠨᠡᠶᠢᠲᠡ 4 ᠤᠳᠠᠭ᠎ᠠ᠂ 76 ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠢᠵᠢᠭᠯᠡᠨ ᠪᠣᠷᠣᠯᠠᠭᠤᠯᠬᠤ ᠭᠠᠳᠠᠭᠠᠳᠤ ᠭᠠᠷᠭᠠᠯᠲᠠ ︵9610︶ ᠶᠢᠨ ᠳᠠᠭᠤᠷᠢᠶᠠᠮᠠᠯ ᠰᠣᠷᠢᠯᠲᠠ ᠶᠢᠨ ᠡᠭᠦᠷᠭᠡ ᠶᠢ ᠪᠡᠶᠡᠯᠡᠭᠦᠯᠪᠡ᠃ ᠠᠵᠤ ᠠᠬᠤᠶᠢᠯᠠᠯ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠡᠷᠢᠶᠡᠨ ᠪᠣᠭᠤᠮᠲᠠ ᠶᠢᠨ ︽ᠡᠮᠦᠨᠡᠰᠢ ᠬᠤᠯᠪᠣᠭᠠᠯᠠᠵᠤ ᠤᠮᠠᠷᠠᠰᠢ ᠭᠠᠷᠬᠤ︾ ᠳᠤᠮᠳᠠ ᠨᠡᠪᠲᠡᠷᠡᠬᠦ ᠵᠠᠮ ᠤᠨ ᠣᠷᠣᠨ ᠪᠠᠶᠢᠷᠢ ᠶᠢᠨ ᠳᠠᠪᠠᠭᠤᠯᠢᠭ ᠢ ᠠᠰᠢᠭᠯᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ 1000 ᠭᠠᠷᠤᠢ ᠺᠢᠯᠣᠮᠧᠲᠷ ᠤᠨ ᠲᠡᠭᠡᠭᠡᠪᠦᠷᠢ ᠶᠢᠨ ᠵᠠᠮ ᠤᠨ ᠣᠷᠳᠣ ᠶᠢ ᠠᠷᠪᠢᠯᠠᠵᠤ᠂ ᠠᠵᠤ ᠠᠬᠤᠶᠢᠯᠠᠯ ᠤᠨ ᠲᠡᠭᠡᠭᠡᠪᠦᠷᠢ ᠶᠢᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠪᠠ᠃ ᠵᠦᠪᠯᠡᠯᠭᠡ ᠥᠭᠴᠦ ᠨᠡᠪᠲᠡᠷᠡᠯᠴᠡᠬᠦ ᠠᠷᠭ᠎ᠠ ᠵᠠᠮ ᠢ ᠥᠷᠭᠡᠳᠬᠡᠨ᠂ 7×24 ᠴᠠᠭ ᠲᠤ ᠪᠣᠭᠤᠮᠲᠠ ᠪᠠᠷ ᠤᠷᠢᠳᠴᠢᠯᠠᠨ ᠪᠣᠯᠵᠣᠵᠤ ᠥᠩᠭᠡᠷᠡᠭᠦᠯᠬᠦ ᠶᠢ ᠬᠡᠷᠡᠭᠵᠢᠭᠦᠯᠵᠦ᠂ ᠰᠠᠯᠭᠠᠨ ᠥᠭᠬᠦ᠂ ᠲᠠᠯᠠᠪᠤᠷ ᠰᠢᠯᠵᠢᠭᠦᠯᠬᠦ᠂ ᠪᠠᠶᠢᠴᠠᠭᠠᠨ ᠰᠢᠯᠭᠠᠬᠤ ᠵᠡᠷᠭᠡ ᠴᠤᠪᠤᠷᠠᠯ ᠢ ᠴᠠᠭᠠᠰᠤ ᠬᠡᠷᠡᠭᠯᠡᠬᠦ ᠦᠭᠡᠢ ᠪᠠᠷ ᠭᠦᠢᠴᠡᠳᠬᠡᠬᠦ ᠶᠢ ᠪᠡᠶᠡᠯᠡᠭᠦᠯᠵᠦ᠂ ᠬᠢᠨᠠᠨ ᠬᠠᠮᠢᠶᠠᠷᠬᠤ᠂ ᠪᠠᠶᠢᠴᠠᠭᠠᠨ ᠰᠢᠯᠭᠠᠬᠤ ᠵᠢᠴᠢ ᠪᠣᠭᠤᠮᠲᠠ ᠪᠠᠷ ᠥᠩᠭᠡᠷᠡᠭᠦᠯᠬᠦ ᠵᠠᠩᠭᠢᠯᠠᠭ᠎ᠠ ᠶᠢ ᠵᠠᠪᠰᠠᠷ ᠦᠭᠡᠢ ᠵᠣᠯᠭᠠᠭᠤᠯᠬᠤ ᠶᠢ ᠪᠡᠶᠡᠯᠡᠬᠦᠯᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号