ᠮᠠᠨ ᠤ ᠬᠤᠲᠠ ᠰᠢᠨ᠎ᠡ ᠨᠢᠭᠡ ᠡᠭᠡᠯᠵᠢ ᠶᠢᠨ ᠣᠷᠣᠨ ᠬᠡᠪᠴᠢᠶᠡᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2022/8/23
      ᠨᠢᠭᠤᠨ ᠳᠠᠯᠳᠠᠯᠠᠵᠤ ᠲᠠᠷᠬᠠᠬᠤ ᠶᠢ ᠤᠯᠠᠮ ᠨᠢᠭᠡ ᠠᠯᠬᠤᠮ ᠰᠡᠷᠭᠡᠶᠢᠯᠡᠵᠦ᠂ ᠠᠶᠤᠯ ᠲᠦᠭᠰᠢᠭᠦᠷᠢ ᠶᠢᠨ ᠳᠠᠯᠳᠠ ᠬᠡᠮ ᠢ ᠠᠷᠢᠯᠭᠠᠨ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠶᠢᠨ ᠳᠣᠯᠠᠳᠠ᠂ 8 ᠰᠠᠷ᠎ᠠ ᠶᠢᠨ 22 ᠤᠨ ᠡᠳᠦᠷ᠂ ᠮᠠᠨ ᠤ ᠬᠤᠲᠠ ᠰᠢᠨ᠎ᠡ ᠨᠢᠭᠡ ᠡᠭᠡᠯᠵᠢ ᠶᠢᠨ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠡᠬᠢᠯᠡᠭᠦᠯᠪᠡ᠃
  ᠥᠷᠯᠥᠭᠡ   ᠶᠢᠨ 6 ᠴᠠᠭ ᠲᠤ᠂ ᠡᠯ᠎ᠡ ᠪᠥᠭᠡᠮ ᠬᠦᠴᠢᠯ ᠤᠨ ᠦᠯᠢᠭᠡᠷ ᠠᠪᠬᠤ ᠭᠠᠵᠠᠷ ᠲᠤ ᠡᠮᠨᠡᠯᠭᠡ   ᠶᠢᠨ ᠠᠵᠢᠯᠲᠠᠨ᠂ ᠳᠠᠭᠠᠭᠠᠴᠢᠯᠠᠨ ᠬᠠᠷᠢᠭᠤᠴᠠᠭᠰᠠᠨ ᠺᠠᠳ᠋ᠷ᠂ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ᠂ ᠰᠠᠶᠢᠨ  ᠳᠣᠷᠠᠴᠣᠳ ᠢᠶᠠᠷ ᠪᠦᠷᠢᠯᠳᠦᠭᠰᠡᠨ ᠦᠯᠢᠭᠡᠷ ᠠᠪᠬᠤ ᠳᠤᠭᠤᠶᠢᠯᠠᠩ ᠡᠷᠲᠡᠬᠡᠨ ᠠᠵᠢᠯ ᠤᠨ ᠪᠠᠶᠢᠷᠢᠨ ᠳᠠᠭᠠᠨ ᠣᠷᠣᠵᠤ ᠂ ᠡᠯ᠎ᠡ ᠵᠦᠢᠯ ᠤᠨ ᠪᠡᠯᠡᠳᠬᠡᠯ ᠠᠵᠢᠯ   ᠢ ᠤᠷᠢᠳᠴᠢᠯᠠᠨ ᠰᠠᠶᠢᠲᠤᠷ ᠬᠢᠬᠦ ᠬᠡᠷᠡᠭᠲᠡᠢ᠃ ᠰᠠᠭᠤᠭᠠᠯᠢ ᠠᠷᠠᠳ ᠠᠰᠠᠷ ᠢᠶᠠᠷ ᠨᠢᠭᠡᠴᠢ ᠪᠣᠯᠭᠠᠨ᠂ ᠮᠡᠳᠡᠭᠳᠡᠯ ᠢ ᠣᠯᠣᠭᠰᠠᠨ ᠤ ᠳᠠᠷᠠᠭ᠎ᠠ ᠳᠠᠷᠤᠢ ᠲᠦᠷᠭᠡᠨ ᠠᠰᠠᠷ ᠠᠴᠠ ᠪᠠᠭᠤᠵᠤ᠂ ᠡᠷᠡᠭᠦᠯ ᠮᠡᠨᠳᠦ   ᠶᠢᠨ ᠨᠣᠮᠧᠷ   ᠢᠶᠠᠨ ᠭᠠᠷᠭᠠᠨ᠂ ᠦᠯᠢᠭᠡᠷ ᠠᠪᠴᠤ᠂ ᠳᠠᠷᠤᠶᠢᠬᠠᠨ ᠭᠡᠷ ᠲᠡᠭᠡᠨ ᠪᠤᠴᠠᠳᠠᠭ᠃ ᠪᠦᠬᠦᠶᠢᠯᠡ ᠶᠠᠪᠤᠴᠠ ᠨᠢ ᠡᠮᠬᠢ ᠳᠢᠭᠯᠢᠮ ᠲᠠᠢ᠂ ᠨᠠᠷᠢᠯᠢᠭ ᠣᠨᠣᠴᠠᠲᠠᠢ ᠪᠥᠭᠡᠳ ᠥᠨᠳᠥᠷ ᠪᠦᠲᠦᠮᠵᠢᠲᠡᠶ ᠪᠠᠶᠢᠨ᠎ᠠ᠃
  ᠡᠯ᠎ᠡ ᠥᠯᠢᠭᠡᠷ ᠠᠪᠬᠤ ᠴᠢᠭ ᠢ ᠨᠡᠯᠢᠶᠡᠳ ᠥᠷᠭᠡᠨ ᠠᠭᠤᠳᠠᠮ᠂ ᠰᠠᠯᠬᠢ ᠨᠡᠪᠲᠡᠷᠡᠬᠦ ᠪᠠᠷ ᠰᠠᠶᠢᠨ ᠲᠠᠯᠠᠪᠤᠷ ᠲᠤ ᠪᠠᠶᠢᠷᠢᠯᠠᠭᠤᠯᠵᠤ᠂ ᠬᠦᠯᠢᠶᠡᠬᠦ ᠣᠷᠣᠨ᠂ ᠴᠤᠭᠯᠠᠭᠤᠯᠬᠤ ᠣᠷᠣᠨ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠲᠦᠷ ᠬᠠᠳᠠᠭᠠᠯᠠᠬᠤ ᠣᠷᠣᠨ ᠵᠡᠷᠭᠡ ᠣᠷᠣᠨ ᠪᠣᠯᠭᠠᠨ ᠬᠤᠪᠢᠶᠠᠵᠤ᠂ ᠪᠠᠶᠢᠴᠠᠭᠠᠬᠤ ᠶᠢ ᠬᠦᠯᠢᠶᠡᠵᠦ ᠪᠠᠶᠢᠭ᠎ᠠ ᠬᠥᠮᠥᠰ ᠤᠨ ᠨᠢᠭᠲᠠᠴᠠ ᠶᠢ ᠪᠦᠲᠦᠮᠵᠢᠲᠡᠶ ᠪᠠᠷ ᠲᠠᠷᠬᠠᠭᠠᠨ᠎ᠠ᠃ᠠᠵᠢᠯᠲᠠᠳ᠂ ᠰᠠᠶᠢᠨ ᠳᠤᠷ᠎ᠠ ᠶᠢᠨ ᠠᠵᠢᠯᠯᠠᠭᠰᠠᠳ ᠠᠵᠢᠯ ᠤᠨ ᠡᠮᠬᠢ ᠳᠢᠭᠯᠢᠮ ᠢ ᠬᠠᠮᠠᠭᠠᠯᠠᠬᠤ ᠶᠢᠨ ᠬᠠᠮᠲᠤ᠂ ᠥᠯᠢᠭᠡᠷ ᠠᠪᠬᠤ ᠲᠤᠬᠠᠢ ᠶᠢᠨ ᠲᠠᠯᠠᠪᠤᠷ ᠤᠨ ᠨᠠᠷᠢᠯᠢᠭᠵᠢᠭᠤᠯᠤᠭᠰᠠᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠰᠠᠶᠢᠲᠤᠷ ᠬᠢᠵᠦ᠂ ᠠᠮᠤᠷ ᠲᠦᠪᠰᠢᠨ ᠤ ᠵᠠᠢ ᠵᠠᠪᠰᠠᠷ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃
   ᠣᠯᠠᠨ ᠡᠭᠡᠯᠵᠢ ᠶᠢᠨ ᠪᠣᠯᠪᠠᠰᠤᠷᠠᠭᠤᠯᠤᠯ ᠪᠠ ᠪᠣᠳᠠᠲᠤ ᠰᠢᠯᠭᠠᠨ ᠪᠠᠶᠢᠴᠠᠭᠠᠯᠲᠠ ᠪᠠᠷ ᠳᠡᠮᠵᠢᠨ᠂ ᠪᠥᠭᠡᠮ ᠬᠦᠴᠢᠯ ᠤᠨ ᠥᠯᠢᠭᠡᠷ ᠠᠪᠬᠤ ᠠᠵᠢᠯᠲᠠᠨ ᠬᠠᠮᠢᠶ᠎ᠠ ᠪᠦᠬᠦᠢ ᠪᠠᠷᠢᠮᠵᠢᠶ᠎ᠠ ᠶᠢ ᠴᠢᠩᠭ᠎ᠠ ᠵᠢᠷᠤᠮᠯᠠᠨ ᠪᠥᠭᠡᠮ ᠬᠦᠴᠢᠯ ᠤᠨ ᠥᠯᠢᠭᠡᠷ ᠠᠪᠬᠤ ᠪᠠᠷᠢᠮᠵᠢᠶ᠎ᠠ ᠶᠢᠨ ᠵᠢᠷᠤᠮᠵᠢᠯ ᠲᠠᠢ᠂ ᠴᠢᠨᠠᠷ ᠰᠠᠶᠢᠲᠠᠢ ᠪᠥᠭᠡᠳ ᠪᠦᠲᠦᠮᠵᠢᠲᠡᠶ ᠪᠠᠶᠢᠬᠤ ᠶᠢ ᠪᠠᠲᠤᠯᠠᠨ᠎ᠠ    ᠣᠶᠢᠯᠠᠭᠠᠭᠰᠠᠨ ᠢᠶᠠᠷ᠂ 12 ᠴᠠᠭ ᠪᠣᠯᠲᠠᠯ᠎ᠠ᠂ ᠲᠣᠰ ᠡᠭᠡᠯᠵᠢ ᠶᠢᠨ ᠣᠷᠣᠨ ᠬᠡᠪᠴᠢᠶᠡᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠨᠢᠭᠡᠨᠲᠡ 65043 ᠬᠥᠮᠥᠨ ᠤ ᠥᠯᠢᠭᠡᠷ ᠡᠳ᠋ ᠠᠪᠴᠤ᠂ ᠨᠢᠭᠡᠨᠲᠡ 62528 ᠬᠥᠮᠥᠨ ᠤ ᠰᠢᠯᠭᠠᠨ ᠪᠠᠶᠢᠴᠠᠭᠠᠯᠭᠠᠬᠤ ᠪᠠᠷ ᠬᠦᠷᠭᠡᠵᠦ᠂ 23268 ᠬᠥᠮᠥᠨ ᠤ ᠰᠢᠯᠭᠠᠨ ᠪᠠᠶᠢᠴᠠᠭᠠᠯᠲᠠ ᠶᠢ ᠪᠡᠶᠡᠯᠡᠭᠦᠯᠵᠡᠢ᠂ ᠡᠨᠡ ᠨᠢ ᠴᠥᠮ ᠪᠢᠯᠢᠭ ᠴᠢᠨᠠᠷᠲᠠᠢ ᠶᠤᠮ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号