︽ᠤᠯᠠᠨ ᠢᠶᠠᠷ ᠢᠶᠠᠨ ᠬᠦᠴᠦ ᠪᠠᠨ ᠬᠠᠮᠲᠤᠳᠬᠠᠵᠤ ᠬᠢᠵᠢᠭ ᠤᠨ ᠪᠠᠶᠢᠳᠠᠯ ᠢ ᠡᠰᠡᠷᠭᠦᠴᠡᠶ᠎ᠡ︾  ᠮᠠᠨ ᠤ ᠬᠤᠲᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ 6 ᠬᠠᠯᠠᠮ ᠣᠳᠠᠰᠣᠨ ᠤ ᠦᠢᠯᠡᠴᠢᠯᠡᠭᠡ ᠭᠠᠷᠭᠠᠪᠠ
ᠨᠡᠶᠢᠲᠡᠯᠡᠭᠰᠡᠨ ᠴᠠᠭ᠄
2022/8/24
     ᠲᠣᠰ ᠡᠭᠡᠯᠵᠢ ᠶᠢᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠣᠯᠠᠨ ᠲᠦᠮᠡᠨ ᠤ ᠠᠩᠬᠠᠷᠤᠯ ᠳᠤ ᠴᠠᠭ ᠲᠤᠬᠠᠢ ᠳᠤᠨᠢ ᠪᠦᠲᠦᠮᠵᠢᠲᠡᠶ ᠬᠠᠷᠢᠭᠤᠯᠲᠠ ᠥᠭᠴᠦ᠂ ᠮᠠᠳᠠᠭ ᠲᠠᠢ ᠠᠰᠠᠭᠤᠳᠠᠯ ᠢ ᠰᠢᠢᠳᠪᠦᠷᠢᠯᠡᠬᠦ ᠪᠠ ᠣᠯᠠᠨ ᠲᠦᠮᠡᠨ ᠤ ᠠᠰᠢᠭ ᠲᠤᠰᠠ ᠶᠢᠨ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠶᠢᠨ ᠳᠣᠯᠠᠳᠠ ᠂ ᠮᠠᠨ ᠤ ᠬᠤᠲᠠ 6  ᠬᠠᠯᠠᠮ ᠣᠳᠠᠰᠣᠨ ᠤ ᠦᠢᠯᠡᠴᠢᠯᠡᠭᠡ ᠭᠠᠷᠭᠠᠵᠤ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠣᠯᠠᠨ ᠲᠦᠮᠡᠨ ᠤ ᠠᠰᠢᠭ ᠲᠤᠰᠠ ᠶᠢᠨ ᠭᠤᠮᠣᠳᠠᠯ ᠱᠠᠭᠠᠷᠳᠠᠯᠭ᠎ᠠ ᠶᠢᠨ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠡᠢ᠃
     ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠬᠠᠯᠠᠮ ᠤᠲᠠᠰᠤᠨ ᠤ ᠦᠢᠯᠡᠴᠢᠯᠡᠭᠡ ᠶᠢᠨ ᠲᠤᠰᠬᠠᠢ ᠠᠩᠭᠢ ᠶᠢᠨ ᠠᠯᠪᠠᠨ ᠭᠡᠷ ᠲᠤ ᠣᠷᠣᠬᠤ ᠳᠤ᠂ ᠤᠲᠠᠰᠤᠨ ᠤ ᠬᠤᠩᠬᠤ ᠬᠤᠶᠢᠨ᠎ᠠ ᠬᠤᠶᠢᠨ᠎ᠠ ᠠᠴᠠ ᠪᠠᠨ ᠳᠤᠤᠭᠠᠷᠴᠤ᠂ ᠠᠵᠢᠯᠲᠠᠳ ᠳᠠᠷᠤᠢ ᠲᠦᠷᠭᠡᠨ ᠤᠲᠠᠰᠤ ᠲᠣᠰᠬᠤ ᠶᠢᠨ ᠬᠠᠮᠲᠤ ᠤᠲᠠᠰᠤ ᠢᠷᠡᠭᠦᠯᠦᠭᠰᠡᠨ ᠬᠤᠲᠠ ᠶᠢᠨ ᠠᠷᠠᠳ ᠨᠢᠭᠡᠪᠦᠷᠢ ᠶᠢᠨ ᠠᠰᠠᠭᠤᠨ ᠯᠠᠪᠯᠠᠬᠤ ᠠᠰᠠᠭᠤᠳᠠᠯ ᠢ ᠬᠦᠯᠢᠴᠡᠩᠭᠦᠢ ᠪᠠᠷ ᠬᠦᠯᠢᠶᠡᠨ ᠠᠪᠴᠦ ᠨᠠᠷᠢᠨ ᠨᠢᠮᠪᠠᠢ ᠪᠠᠷ ᠬᠠᠷᠢᠭᠤᠯᠳᠠ ᠦᠭᠬᠦᠨ᠎ᠡ᠃
      ᠣᠶᠢᠯᠠᠭᠠᠭᠰᠠᠨ ᠢᠶᠠᠷ᠂ 8 ᠰᠠᠷ᠎ᠠ ᠶᠢᠨ 23 ᠤ ᠡᠳᠦᠷ ᠤᠨ 12 ᠴᠠᠭ ᠪᠣᠯᠲᠠᠯ᠎ᠠ᠂ ᠲᠣᠰ ᠲᠤᠰᠬᠠᠢ ᠠᠩᠭᠢ  ᠨᠢ ᠠᠷᠠᠳ ᠤᠨ ᠠᠮᠢᠳᠤᠷᠠᠯ ᠤᠨ ᠪᠠᠲᠤᠯᠠᠭ᠎ᠠ᠂ ᠲᠥᠷᠥ ᠶᠢᠨ ᠪᠣᠳᠣᠯᠭ᠎ᠠ ᠶᠢᠨ ᠵᠥᠪᠯᠡᠯᠭᠡ᠂ ᠰᠤᠷᠭᠠᠭᠤᠯᠢ ᠶᠢᠨ ᠬᠢᠴᠢᠶᠡᠯ ᠰᠡᠷᠭᠦᠭᠡᠬᠦ᠂ ᠡᠯ᠎ᠡ ᠲᠥᠷᠥᠯ ᠤᠨ ᠰᠢᠯᠭᠠᠯᠲᠠ᠂ ᠭᠠᠳᠠᠭᠰᠢ ᠭᠠᠷᠴᠤ ᠡᠮᠨᠡᠭᠦᠯᠬᠦ ᠵᠢᠴᠢ ᠭᠠᠳᠠᠨ᠎ᠠ ᠣᠷᠣᠨ ᠤ ᠠᠶᠠᠨᠴᠢᠳ ᠤᠨ ᠰᠠᠭᠠᠲᠠᠭᠰᠠᠨ ᠵᠡᠷᠭᠡ ᠣᠯᠠᠨ ᠵᠦᠢᠯ ᠤᠨ ᠠᠰᠠᠭᠤᠳᠠᠯ ᠳᠤ ᠬᠤᠯᠪᠣᠭᠳᠠᠭᠰᠠᠨ ᠣᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢ ᠲᠤᠰᠬᠠᠭᠰᠠᠨ 1030 ᠤᠳᠠᠭ᠎ᠠ ᠶᠢᠨ ᠬᠠᠯᠠᠮ ᠤᠲᠠᠰᠤ ᠶᠢ ᠲᠤᠰᠴᠠᠶ᠃ ᠡᠭᠦᠨ ᠳᠤ᠂ ᠲᠤᠬᠠᠢ ᠶᠢᠨ ᠲᠠᠯᠠᠪᠤᠷ ᠲᠤ ᠬᠠᠷᠢᠭᠤᠯᠲᠠ ᠥᠭᠬᠦ ᠪᠠ ᠰᠢᠢᠳᠪᠦᠷᠢᠯᠡᠵᠦ ᠳᠡᠶᠢᠯᠬᠦ 950 ᠭᠠᠷᠤᠢ ᠤᠳᠠᠭᠠᠨ ᠤ ᠠᠰᠠᠭᠤᠨ ᠯᠠᠪᠯᠠᠯᠳᠠ ᠳᠤ ᠲᠤᠰᠬᠠᠭᠰᠠᠨ ᠠᠰᠠᠭᠤᠳᠠᠯ ᠢ ᠠᠵᠢᠯᠲᠠᠳ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ ᠲᠤᠬᠠᠢ ᠶᠢᠨ ᠲᠠᠯᠠᠪᠤᠷ ᠲᠤ ᠬᠠᠷᠢᠭᠤᠯᠲᠠ ᠥᠭᠬᠦ ᠶᠢᠨ ᠬᠠᠮᠲᠤ ᠬᠤᠯᠪᠣᠭᠳᠠᠯ ᠪᠦᠬᠦᠢ ᠠᠵᠢᠯ ᠤᠨ ᠪᠠᠶᠢᠭᠤᠯᠤᠮᠵᠢ ᠲᠠᠢ ᠵᠣᠬᠢᠴᠠᠭᠤᠯᠤᠨ ᠰᠢᠢᠳᠪᠣᠷᠢᠯᠡᠪᠡ᠃ ᠪᠤᠰᠤᠳ ᠠᠰᠠᠭᠤᠳᠠᠯ ᠳᠤ ᠠᠵᠢᠯ ᠤᠨ ᠡᠬᠡ ᠲᠠᠩᠰᠠ ᠪᠠᠶᠢᠭᠤᠯᠵᠤ᠂ ᠠᠵᠢᠯ ᠤᠨ ᠬᠤᠪᠢᠶᠠᠷᠢᠯᠠᠯ ᠶᠣᠰᠣᠭᠠᠷ ᠴᠠᠭ ᠲᠤᠬᠠᠢ ᠳᠤᠨᠢ ᠬᠠᠮᠢᠶ᠎ᠠ ᠪᠦᠬᠦᠢ ᠲᠤᠰᠬᠠᠢ ᠠᠵᠢᠯ ᠤᠨ ᠳᠤᠭᠤᠶᠢᠯᠠᠩ ᠳᠤ ᠬᠦᠷᠭᠡᠨ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠶᠢᠨ ᠬᠠᠮᠲᠤ ᠮᠥᠷᠳᠡᠨ ᠳᠠᠭᠠᠵᠦ ᠱᠠᠭᠠᠷᠳᠠᠨ ᠰᠢᠢᠳᠪᠦᠷᠢᠯᠡᠭᠦᠯᠪᠡ᠃     ︽ᠬᠠᠯᠠᠮ ᠤᠲᠠᠰᠤ ᠠᠪᠤᠭᠰᠠᠨ ᠤ ᠳᠠᠷᠠᠭ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠳᠠᠯ ᠦᠭᠡᠢ ᠨᠠᠳᠠᠳᠤ ᠵᠣᠬᠢᠴᠠᠭᠤᠯᠤᠨ ᠮᠡᠳᠡᠭᠦᠯᠵᠦ ᠳᠠᠩᠰᠠᠯᠠᠭᠤᠯᠤᠭᠠᠳ᠂ ᠨᠠᠮᠠᠶᠢ ᠰᠢᠯᠭᠠᠯᠲᠠ ᠠᠴᠠ ᠡᠮᠦᠨ᠎ᠡ ᠬᠥᠬᠡᠬᠤᠲᠠ ᠳᠤ ᠤᠷᠤᠭᠰᠢᠲᠠᠢ ᠪᠠᠷ ᠣᠴᠢᠭᠤᠯᠵᠠᠢ᠂ ᠲᠡᠳᠡᠨ ᠳᠤ ᠦᠨᠡᠬᠡᠷ ᠶᠡᠬᠡᠳᠡ ᠲᠠᠯᠠᠷᠬᠠᠵᠤ ᠪᠠᠶᠢᠨ᠎ᠠ︾ ᠭᠡᠵᠦ ᠬᠤᠲᠠ ᠶᠢᠨ ᠠᠷᠠᠳ ᠹᠧᠩ ᠠᠪᠠᠭ᠋ᠠᠢ ᠬᠡᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号