| | ᠪᠥᠭᠡᠮ ᠬᠦᠴᠢᠯ ᠢ ᠪᠠᠶᠢᠴᠠᠭᠠᠨ ᠰᠢᠯᠭᠠᠬᠤ ᠪᠣᠯ ᠬᠢᠵᠢᠭ ᠤᠨ ᠲᠠᠷᠬᠠᠯᠲᠠ ᠶᠢᠨ ᠬᠡᠯᠬᠢᠶ᠎ᠡ ᠶᠢ ᠲᠠᠰᠤᠯᠬᠤ | ᠪᠦᠲᠦᠮᠵᠢᠲᠡᠶ ᠠᠷᠭ᠎ᠠ ᠵᠠᠮ ᠮᠥᠨ᠃ 8 ᠰᠠᠷ᠎ᠠ ᠶᠢᠨ 23 ᠤ ᠡᠳᠦᠷ᠂ ᠮᠠᠨ ᠤ ᠬᠤᠲᠠ ᠰᠢᠨ᠎ᠡ ᠨᠢᠭᠡ ᠡᠭᠡᠯᠵᠢ ᠶᠢᠨ | ᠣᠷᠣᠨ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠲᠦᠯᠬᠢᠨ ᠠᠬᠢᠭᠤᠯᠵᠤ ᠪᠠᠶᠢᠨ᠎ᠠ᠃ | ᠥᠷᠯᠥᠭᠡ ᠶᠢᠨ ᠵᠢᠷᠭᠤᠭᠠᠨ ᠴᠠᠭ ᠲᠤ᠂ ᠰᠤᠷᠪᠤᠯᠵᠢᠯᠠᠭᠴᠢ ᠡᠯ᠎ᠡ ᠪᠥᠭᠡᠮ ᠬᠦᠴᠢᠯ ᠤᠨ ᠪᠠᠶᠢᠴᠠᠭᠠᠯᠲᠠ ᠶᠢᠨ | ᠴᠡᠭ ᠲᠤ ᠣᠯᠵᠤ ᠬᠠᠷᠠᠭᠰᠠᠨ ᠨᠢ᠂ ᠡᠮᠨᠡᠯᠭᠡ ᠶᠢᠨ ᠠᠵᠢᠯᠲᠠᠨ᠂ ᠳᠠᠭᠠᠭᠠᠴᠢᠯᠠᠨ ᠬᠠᠷᠢᠭᠤᠴᠠᠭᠰᠠᠨ ᠨᠢᠭᠡᠴᠡ ᠶᠢᠨ ᠺᠠᠳ᠋ᠷ | ᠠᠵᠢᠯᠲᠠᠨ᠂ ᠨᠡᠶᠢᠭᠡᠮ ᠲᠣᠭᠤᠷᠢᠭ ᠤᠨ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢᠳ ᠠᠯᠢ ᠡᠷᠲᠡ ᠲᠣᠭᠲᠠᠭᠰᠠᠨ | ᠪᠠᠶᠢᠷᠢᠨ ᠳᠤ ᠬᠦᠯᠢᠶᠡᠵᠦ᠂ ᠲᠠᠯᠠᠪᠤᠷ ᠭᠠᠵᠠᠷ ᠪᠠ ᠲᠣᠨᠤᠭ ᠲᠥᠬᠦᠭᠡᠷᠦᠮᠵᠢ ᠶᠢ ᠤᠳᠠᠭ᠎ᠠ ᠳᠠᠷᠠᠭᠠᠯᠠᠨ ᠠᠷᠢᠭᠤᠳᠬᠠᠵᠤ᠂ | ᠥᠯᠢᠭᠡᠷ ᠠᠪᠬᠤ ᠰᠠᠪᠠᠭ᠎ᠠ ᠪᠠ ᠥᠯᠢᠭᠡᠷ ᠠᠪᠬᠤ ᠰᠢᠩᠭᠡᠨ ᠤ ᠬᠤᠭᠤᠯᠠᠢ ᠶᠢ ᠤᠳᠠᠭ᠎ᠠ ᠳᠠᠷᠠᠭᠠᠯᠠᠨ ᠨᠤᠲᠠᠯᠠᠵᠤ᠂ | ᠠᠶᠤᠯᠭᠦᠢ ᠴᠢᠨᠠᠷ ᠪᠠ ᠨᠠᠷᠢᠯᠢᠭ ᠣᠨᠣᠴᠠᠲᠠᠢ ᠪᠠᠶᠢᠬᠤ ᠶᠢ ᠪᠠᠲᠤᠯᠠᠵᠤ ᠪᠠᠶᠢᠨ᠎ᠠ᠃ | | | | | ᠥᠯᠢᠭᠡᠷ ᠠᠪᠬᠤ ᠶᠠᠪᠤᠴᠠ ᠳᠤ᠂ ᠰᠠᠭᠤᠭᠠᠯᠢ ᠠᠷᠠᠳ ᠢᠳᠡᠪᠬᠢᠲᠡᠢ ᠬᠠᠮᠵᠢᠯᠴᠠᠵᠤ᠂ ᠡᠮᠨᠡᠯᠭᠡ ᠶᠢᠨ ᠠᠵᠢᠯᠲᠠᠳ | ᠨᠠᠷᠢᠯᠢᠭ ᠣᠨᠣᠴᠠᠲᠠᠢ ᠪᠠᠷ ᠥᠨᠳᠥᠷ ᠪᠦᠲᠦᠮᠵᠢᠲᠡᠶ ᠪᠠᠷ ᠪᠠᠶᠢᠴᠠᠭᠠᠯᠳᠠ ᠬᠢᠨ᠎ᠡ᠃ ᠺᠣᠳ᠋ ᠰᠢᠷᠪᠢᠬᠦ ᠳᠠᠩᠰᠠᠯᠠᠯᠲᠠ ᠶᠢᠨ | ᠮᠡᠳᠡᠭᠡ ᠵᠠᠩᠭᠢ᠂ ᠠᠮᠠᠪᠴᠢ ᠶᠢ ᠠᠪᠴᠤ ᠬᠠᠶᠠᠬᠤ᠂ ᠥᠯᠢᠭᠡᠷ ᠡᠳ᠋ ᠠᠪᠬᠤ ᠠᠴᠠ ᠠᠪᠤᠭᠠᠳ ᠲᠦᠷᠭᠡᠨ ᠰᠠᠯᠬᠤ | ᠬᠦᠷᠲᠡᠯ᠎ᠡ᠂ ᠠᠷᠪᠠᠨ ᠬᠡᠳᠦᠨ ᠰᠧᠺᠦ᠋ᠨ᠋ᠳ᠋ ᠲᠤ ᠳᠠᠷᠤᠢ ᠪᠡᠶᠡᠯᠡᠭᠦᠯᠵᠦ᠂ ᠪᠦᠬᠦᠶᠢᠯᠡ ᠠᠵᠢᠯᠯᠠᠭᠠᠨ ᠤ ᠶᠠᠪᠤᠴᠠ ᠨᠢ | ᠴᠢᠩᠭ᠎ᠠ ᠨᠢᠮᠪᠠᠢ᠂ ᠵᠢᠷᠤᠮᠵᠢᠯ ᠲᠠᠢ᠂ ᠡᠮᠬᠢ ᠵᠢᠷᠤᠮ ᠲᠠᠢ᠃ ᠡᠭᠦᠨ ᠠᠴᠠ ᠭᠠᠳᠠᠨ᠎ᠠ᠂ ᠥᠨᠳᠥᠷ ᠨᠠᠰᠤᠲᠠᠢ | ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠠᠭᠠᠶ ᠬᠦᠮᠦᠰ ᠲᠤ ᠴᠢᠭᠯᠡᠭᠦᠯᠦᠨ᠂ ᠡᠮᠨᠡᠯᠭᠡ ᠶᠢᠨ ᠠᠵᠢᠯᠲᠠᠳ ᠪᠠᠰᠠ | ᠭᠡᠷ ᠲᠤᠨᠢ ᠬᠦᠷᠴᠦ ᠥᠯᠢᠭᠡᠷ ᠡᠳ᠋ ᠠᠪᠬᠤ ᠠᠷᠭ᠎ᠠ ᠮᠠᠶ᠋ᠢᠭ ᠢ ᠠᠪᠴᠤ᠂ ᠨᠢᠭᠡ ᠶᠢ ᠴᠦ ᠣᠷᠬᠢᠭᠳᠠᠭᠤᠯᠬᠤ ᠦᠭᠡᠢ | ᠪᠠᠶᠢᠬᠤ ᠶᠢ ᠪᠠᠲᠤᠯᠠᠪᠠ᠃ | |