ᠮᠠᠨ ᠤ ᠬᠤᠲᠠ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠭᠠᠳᠠᠨ᠎ᠠ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢᠳ ᠤᠨ ᠤᠷᠤᠭᠰᠢᠲᠠᠢ ᠪᠠᠷ ᠰᠤᠷᠭᠠᠭᠤᠯᠢ ᠳᠠᠭᠠᠨ ᠪᠤᠴᠠᠬᠤ ᠶᠢ ᠪᠠᠳᠣᠯᠠᠪᠠ
ᠨᠡᠶᠢᠲᠡᠯᠡᠭᠰᠡᠨ ᠴᠠᠭ᠄
2022/8/24
    8 ᠰᠠᠷ᠎ᠠ ᠶᠢᠨ 23 ᠤ ᠡᠳᠦᠷ᠂ ᠰᠤᠷᠪᠤᠯᠵᠢᠯᠠᠭᠴᠢ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ 29 ᠳ᠋ᠣᠬᠡᠷ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠨᠢ᠂ ᠰᠤᠷᠭᠠᠭᠤᠯᠢ ᠡᠬᠢᠯᠡᠬᠦ ᠤᠯᠠᠷᠢᠯ ᠬᠦᠷᠴᠦ ᠢᠷᠡᠬᠦ ᠲᠠᠰᠢᠷᠠᠮ ᠳᠤ᠂ ᠮᠠᠨ ᠤ ᠬᠤᠲᠠ ᠨᠠᠷᠢᠨ ᠨᠢᠮᠪᠠᠢ ᠪᠠᠶᠢᠷᠢᠯᠠᠭᠤᠯᠵᠤ᠂ ᠴᠢᠩᠭ᠎ᠠ ᠨᠠᠶᠢᠳᠠᠪᠤᠷᠢᠵᠢᠭᠤᠯᠤᠨ᠂ ᠭᠠᠳᠠᠨ᠎ᠠ ᠰᠤᠷᠤᠯᠴᠠᠵᠤ ᠪᠠᠶᠢᠭ᠎ᠠ ᠰᠤᠷᠤᠭᠴᠢᠳ ᠢ ᠠᠮᠤᠷ ᠲᠦᠪᠰᠢᠨ᠂ ᠡᠮᠬᠢ ᠵᠢᠷᠤᠮ ᠲᠠᠢ ᠪᠠᠷ ᠰᠤᠷᠭᠠᠭᠤᠯᠢ ᠳᠤᠨᠢ ᠪᠤᠴᠠᠭᠠᠵᠤ᠂ ᠰᠤᠷᠤᠯᠭ᠎ᠠ ᠪᠠᠨ ᠤᠷᠤᠭᠰᠢᠲᠠᠢ ᠰᠡᠷᠭᠦᠭᠡᠵᠦ᠂ ᠬᠢᠴᠢᠶᠡᠯ ᠢᠶᠠᠨ ᠰᠡᠷᠭᠦᠭᠡᠬᠦ ᠶᠢ ᠡᠮᠬᠢ ᠵᠢᠷᠤᠮ ᠲᠠᠢ ᠵᠣᠬᠢᠶᠠᠨ ᠪᠠᠶᠢᠭᠤᠯᠵᠤ ᠪᠠᠶᠢᠨ᠎ᠠ᠃     ᠲᠣᠰ ᠡᠭᠡᠯᠵᠢ ᠶᠢᠨ ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠠᠷᠤᠢ ᠲᠦᠷᠭᠡᠨ ᠲᠤᠰᠬᠠᠯ ᠭᠠᠷᠭᠠᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠢᠯᠤᠭᠤᠳᠬᠤ ᠰᠢᠰᠲ᠋ᠧᠮ ᠢ ᠳᠠᠷᠤᠢ ᠲᠦᠷᠭᠡᠨ ᠡᠬᠢᠯᠡᠭᠦᠯᠵᠦ᠂ ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡᠨ ᠤ ᠪᠠᠲᠤᠯᠠᠭ᠎ᠠ ᠶᠢᠨ ᠳᠤᠭᠤᠶᠢᠯᠠᠩ ᠤᠨ ᠦᠢᠯᠡᠴᠢᠯᠡᠭᠡᠨ ᠤ ᠲᠤᠰᠬᠠᠢ ᠠᠩᠭᠢ ᠶᠢ ᠳᠠᠷᠤᠢ ᠲᠦᠷᠭᠡᠨ ᠪᠣᠳᠠᠲᠠᠶᠢᠵᠢᠭᠤᠯᠤᠨ᠂ ᠲᠥᠪᠯᠡᠷᠡᠭᠦᠯᠦᠨ ᠠᠵᠢᠯᠯᠠᠭᠤᠯᠵᠤ᠂ ᠢᠳᠡᠪᠬᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠭᠠᠳᠠᠨ᠎ᠠ ᠣᠷᠣᠨ ᠳᠤ ᠣᠴᠢᠵᠤ ᠰᠤᠷᠤᠯᠴᠠᠬᠤ ᠪᠠᠴᠢᠮ ᠬᠡᠷᠡᠭᠴᠡᠭᠡ ᠲᠠᠢ ᠰᠣᠷᠣᠭᠴᠢ ᠶᠢᠨ ᠪᠠᠶᠢᠳᠠᠯ ᠢ ᠨᠢᠭᠡᠳᠦᠯᠲᠡᠢ ᠲᠥᠯᠥᠪᠯᠡᠨ ᠪᠠᠶᠢᠴᠠᠭᠠᠵᠤ᠂ ᠪᠤᠴᠠᠬᠤ ᠨᠥᠬᠦᠴᠡᠯ ᠪᠠ ᠶᠠᠪᠤᠴᠠ ᠶᠢ ᠲᠣᠳᠣᠷᠬᠠᠢ ᠪᠣᠯᠭᠠᠪᠠ᠃ ᠰᠤᠷᠭᠠᠨ ᠬᠥᠮᠦᠵᠢᠯ ︵ᠰᠤᠷᠭᠠᠭᠤᠯᠢ︶᠂ ᠳᠣᠲᠣᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ᠂ ᠵᠠᠮ ᠬᠠᠷᠢᠯᠴᠠᠭ᠎ᠠ᠂ ᠨᠡᠶᠢᠭᠡᠮ ᠲᠣᠭᠤᠷᠢᠭ ᠵᠡᠷᠭᠡ ᠰᠠᠯᠠᠭ᠎ᠠ ᠮᠥᠴᠢᠷ ᠤᠨ ᠠᠵᠢᠯᠲᠠᠨ ᠢ ᠰᠣᠩᠭᠤᠨ ᠰᠢᠯᠵᠢᠭᠦᠯᠵᠦ᠂ ᠠᠵᠢᠯ ᠤᠨ ᠲᠤᠰᠬᠠᠢ ᠠᠩᠭᠢ ᠪᠦᠷᠢᠯᠳᠦᠭᠦᠯᠦᠨ᠂ ᠰᠤᠷᠤᠭᠴᠢᠳ ᠤᠨ ᠰᠤᠷᠭᠠᠭᠤᠯᠢ ᠳᠠᠭᠠᠨ ᠪᠤᠴᠠᠬᠤ ᠬᠤᠭᠤᠴᠠᠭᠠᠨ ᠳᠠᠬᠢ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠢ ᠵᠣᠬᠢᠶᠠᠨ ᠪᠠᠶᠢᠭᠤᠯᠵᠤ᠂ ᠭᠠᠳᠠᠷ ᠣᠷᠣᠨ ᠤ ᠰᠤᠷᠤᠭᠴᠢᠳ ᠤᠨ ᠰᠤᠷᠭᠠᠭᠤᠯᠢ ᠳᠠᠭᠠᠨ ᠪᠤᠴᠠᠬᠤ ᠡᠯ᠎ᠡ ᠵᠦᠢᠯ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ︽ᠭᠠᠳᠠᠭᠰᠢ ᠭᠠᠷᠴᠤ ᠰᠤᠷᠭᠠᠭᠤᠯᠢ ᠳᠤ ᠣᠷᠣᠬᠤ ᠬᠥᠮᠥᠰ ᠤᠨ ᠭᠠᠳᠠᠭᠰᠢ ᠭᠠᠷᠬᠤ ᠲᠥᠰᠥᠯ︾ ᠢ ᠲᠣᠭᠲᠠᠭᠠᠵᠤ᠂ ᠰᠤᠷᠭᠠᠭᠤᠯᠢ ᠳᠠᠭᠠᠨ ᠪᠤᠴᠠᠬᠤ ᠳᠤ ᠭᠦᠢᠴᠡᠳᠬᠡᠬᠦ ᠭᠤᠶᠤᠴᠢᠯᠠᠯ ᠤᠨ ᠶᠠᠪᠤᠴᠠ ᠪᠠ ᠨᠥᠬᠦᠴᠡᠯ ᠢ ᠲᠣᠳᠣᠷᠬᠠᠶᠢᠯᠠᠵᠤ᠂ ᠮᠠᠨ ᠤ ᠬᠤᠲᠠ ᠶᠢᠨ ᠨᠢᠭᠳᠠ ᠬᠦᠷᠦᠯᠴᠡᠭᠰᠡᠨ ᠪᠤᠰᠤ᠂ ᠰᠣᠯᠠ ᠬᠦᠷᠦᠯᠴᠡᠭᠰᠡᠨ ᠪᠤᠰᠤ ᠬᠥᠮᠥᠰ ᠲᠤ 3 ᠡᠳᠦᠷ ᠰᠢᠬᠠᠮ ᠤᠨ ᠣᠷᠣᠨ ᠭᠡᠪᠴᠢᠶᠡᠨ ᠤ ᠪᠥᠭᠡᠮ ᠬᠦᠴᠢᠯ ᠤᠨ ᠪᠢᠯᠢᠭ ᠴᠢᠨᠠᠷᠲᠠᠢ ᠮᠡᠳᠡᠭᠦᠯᠦᠯᠲᠡ ︵ᠲᠣᠰ ᠡᠳᠦᠷ ᠪᠠᠭᠲᠠᠨ᠎ᠠ︶ ᠪᠠᠶᠢᠵᠤ᠂ ᠣᠷᠣᠰᠢᠨ ᠰᠠᠭᠤᠵᠤ ᠪᠠᠶᠢᠭ᠎ᠠ ᠭᠠᠵᠠᠷ ᠨᠢ ᠲᠦᠭᠰᠢᠭᠦᠷᠢ ᠪᠠᠭᠠᠲᠠᠢ ᠣᠷᠣᠨ ᠪᠠᠶᠢᠵᠤ᠂ ᠪᠠᠶᠢᠭ᠎ᠠ ᠨᠡᠶᠢᠭᠡᠮ ᠲᠣᠭᠤᠷᠢᠭ ᠠᠴᠠ 7 ᠡᠳᠦᠷ ᠰᠢᠬᠠᠮ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠭᠡᠷᠡᠴᠢ ᠭᠠᠷᠭᠠᠬᠤ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠷᠡᠭᠦᠯ ᠮᠡᠨᠳᠦ ᠶᠢᠨ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠭᠰᠠᠨ ᠤ ᠳᠠᠷᠠᠭ᠎ᠠ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠢᠶᠠᠷ ᠰᠤᠳᠤᠯᠤᠨ ᠮᠠᠭᠠᠳᠯᠠᠭᠤᠯᠵᠤ ᠵᠥᠪᠰᠢᠶᠡᠷᠡᠭᠦᠯᠦᠭᠰᠡᠨ ᠤ ᠳᠠᠷᠠᠭ᠎ᠠ ᠲᠠᠯᠪᠢᠵᠤ ᠶᠠᠪᠤᠭᠤᠯᠤᠨ᠎ᠠ᠃ ᠨᠡᠶᠢᠭᠡᠮ ᠲᠣᠭᠤᠷᠢᠭ ᠢᠶᠠᠷ ᠨᠢᠭᠡᠴᠡ ᠪᠣᠯᠭᠠᠨ᠂ ᠰᠤᠷᠭᠠᠭᠤᠯᠢ ᠳᠠᠭᠠᠨ ᠪᠤᠴᠠᠭᠰᠠᠨ ᠰᠣᠷᠣᠭᠴᠢ ᠶᠢ ᠪᠦᠷᠢᠳᠬᠡᠨ ᠳᠡᠩᠰᠡᠯᠡᠵᠦ᠂ ᠠᠳᠠᠯᠢ ᠪᠤᠰᠤ ᠵᠣᠷᠢᠭᠰᠠᠨ ᠭᠠᠵᠠᠷ ᠢᠶᠠᠷ ᠨᠢ ᠲᠥᠷᠥᠯ ᠬᠤᠪᠢᠶᠠᠨ ᠪᠦᠷᠢᠳᠬᠡᠵᠦ᠂ ᠰᠤᠷᠭᠠᠭᠤᠯᠢ ᠳᠠᠭᠠᠨ ᠪᠤᠴᠠᠭᠰᠠᠨ ᠰᠣᠷᠣᠭᠴᠢ ᠶᠢᠨ ᠡᠬᠡ ᠲᠠᠩᠰᠠ ᠪᠠᠶᠢᠭᠤᠯᠬᠤ ᠶᠢᠨ ᠬᠠᠮᠲᠤ ᠲᠤᠰᠬᠠᠢ ᠬᠥᠮᠥᠨ ᠲᠣᠭᠲᠠᠭᠠᠨ ᠬᠠᠷᠢᠭᠤᠴᠠᠭᠤᠯᠵᠤ᠂ ︽ᠴᠡᠭ ᠠᠴᠠ ᠴᠡᠭ ᠲᠤ ᠬᠦᠷᠬᠦ︾ ᠪᠠᠷ ᠳᠠᠮᠵᠢᠭᠤᠯᠤᠨ᠂ ᠬᠠᠷᠢᠯᠴᠠᠬᠤ ᠤᠲᠠᠰᠤ ᠪᠠ ᠰᠤᠷᠭᠠᠭᠤᠯᠢ ᠳᠤ ᠭᠦᠷᠦᠭᠰᠡᠨ ᠪᠠᠶᠢᠳᠠᠯ ᠵᠡᠷᠭᠡ ᠮᠡᠳᠡᠭᠡ ᠵᠠᠩᠭᠢ ᠶᠢ ᠨᠤᠲᠠᠯᠠᠵᠤ᠂ ᠮᠠᠨ ᠤ ᠬᠤᠲᠠ ᠶᠢᠨ ᠭᠠᠳᠠᠭᠰᠢ ᠭᠠᠷᠤᠭᠰᠠᠨ ᠰᠣᠷᠣᠭᠴᠢ ᠶᠢᠨ ᠬᠢᠴᠢᠶᠡᠯ ᠢᠶᠠᠨ ᠤᠷᠤᠭᠰᠢᠲᠠᠢ ᠰᠡᠷᠭᠦᠭᠡᠬᠦ ᠶᠢ ᠪᠠᠲᠤᠯᠠᠨ᠎ᠠ᠃     8 ᠰᠠᠷ᠎ᠠ ᠶᠢᠨ 23 ᠤ ᠡᠳᠦᠷ ᠤᠨ 12 ᠴᠠᠭ ᠪᠣᠯᠲᠠᠯ᠎ᠠ᠂ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ 79 ᠬᠥᠮᠥᠨ᠂ ᠣᠶᠤᠲᠠᠨ 85 ᠬᠥᠮᠥᠨ ᠢ ᠪᠠᠭᠲᠠᠭᠠᠭᠰᠠᠨ ᠮᠠᠨ ᠤ ᠬᠤᠲᠠ ᠶᠢᠨ ᠭᠠᠳᠠᠷ ᠣᠷᠣᠨ ᠳᠤ ᠣᠴᠢᠵᠤ ᠰᠤᠷᠤᠯᠴᠠᠭᠰᠠᠨ 164 ᠰᠣᠷᠣᠭᠴᠢ ︵ᠭᠡᠷ ᠤᠨ ᠠᠬᠠᠮᠠᠳ ᠲᠤ ᠪᠠᠷ᠎ᠠ ᠪᠣᠯᠤᠭᠰᠠᠨ 205 ᠬᠥᠮᠥᠨ︶ ᠶᠢ ᠵᠣᠬᠢᠶᠠᠨ ᠪᠠᠶᠢᠭᠤᠯᠵᠤ ᠰᠤᠷᠭᠠᠭᠤᠯᠢ ᠳᠠᠭᠠᠨ ᠪᠤᠴᠠᠭᠠᠪᠠ᠂ ᠡᠭᠦᠨ ᠳᠤ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ 79 ᠬᠥᠮᠥᠨ᠂ ᠶᠡᠭᠡ ᠰᠤᠷᠭᠠᠭᠤᠯᠢ ᠶᠢᠨ ᠰᠣᠷᠣᠭᠴᠢ 85 ᠬᠥᠮᠥᠨ ᠪᠠᠭᠲᠠᠨ᠎ᠠ᠃ ᠮᠥᠷᠳᠡᠨ ᠬᠠᠷᠢᠯᠴᠠᠬᠤ ᠪᠠᠷ ᠳᠠᠮᠵᠢᠭᠠᠳ ᠂ ᠳᠡᠭᠡᠷᠡᠬᠢ ᠰᠤᠷᠤᠭᠴᠢᠳ ᠴᠥᠮ ᠰᠤᠷᠭᠠᠭᠤᠯᠢ ᠶᠢᠨ ᠰᠠᠭᠤᠭ᠎ᠠ ᠭᠠᠵᠠᠷ ᠲᠤ ᠵᠠᠯᠭᠠᠭ᠎ᠠ ᠪᠠᠷ ᠬᠦᠷᠴᠦ ᠢᠷᠡᠵᠡᠶ᠃ ᠡᠭᠦᠨ ᠤ ᠬᠠᠮᠲᠤ᠂ ᠠᠵᠢᠯ ᠤᠨ ᠲᠤᠰᠬᠠᠢ ᠠᠩᠭᠢ ᠳᠤ ᠰᠣᠷᠣᠭᠴᠢ᠂ ᠰᠣᠷᠣᠭᠴᠢ ᠶᠢᠨ ᠭᠡᠷ ᠤᠨ ᠠᠬᠠᠮᠠᠳ ᠲᠠᠢ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠴᠠᠭ ᠲᠤᠬᠠᠢ ᠳᠤᠨᠢ ᠬᠠᠷᠢᠯᠴᠠᠵᠤ᠂ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠶᠢ ᠪᠠᠲᠤᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号