ᠮᠠᠨ ᠤ ᠬᠤᠳᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠢᠭᠤᠳᠬᠠᠨ ᠠᠷᠢᠯᠭᠠᠬᠤ ᠠᠵᠢᠯ  ᠢ ᠪᠦᠬᠦᠨ ᠢ  ᠪᠦᠷᠬᠦᠬᠦᠯᠪᠡ
ᠨᠡᠶᠢᠲᠡᠯᠡᠭᠰᠡᠨ ᠴᠠᠭ᠄
2022/8/25
   ᠠᠷᠢᠭᠤᠳᠬᠠᠨ ᠤᠰᠠᠳᠬᠠᠬᠤ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠦᠬᠦ ᠬᠡᠯᠬᠢᠶ᠎ᠡ ᠶᠢᠨ ᠴᠢᠬᠤᠯᠠ ᠵᠠᠩᠭᠢᠯᠠᠭ᠎ᠠ ᠪᠣᠯᠣᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂  ᠠᠷᠢᠭᠤᠳᠬᠠᠨ ᠤᠰᠠᠳᠬᠠᠬᠤ ᠠᠵᠢᠯ ᠤᠨ ᠬᠠᠮᠤᠷᠬᠤ ᠡᠷᠴᠢᠮ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ ᠸᠢᠷᠦ᠋ᠰ ᠤᠨ ᠬᠠᠯᠳᠠᠪᠤᠷᠢᠯᠠᠬᠤ ᠠᠷᠭ᠎ᠠ ᠵᠠᠮ ᠢ ᠲᠠᠰᠤᠯᠬᠤ ᠶᠢᠨ ᠳᠣᠯᠠᠳᠠ᠂ 8 ᠰᠠᠷ᠎ᠠ ᠶᠢᠨ 23 ᠤ ᠡᠳᠦᠷ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠠᠷᠢᠭᠤᠳᠬᠠᠬᠤ ᠪᠠ ᠤᠰᠠᠳᠬᠠᠬᠤ ᠳᠤᠭᠤᠶᠢᠯᠠᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠥᠬᠦ ᠬᠤᠲᠠ ᠶᠢᠨ ᠬᠡᠪᠴᠢᠶᠡᠨ ᠳᠤ ᠤᠷᠢᠳᠴᠢᠯᠠᠨ ᠰᠡᠷᠭᠡᠶᠢᠯᠡᠬᠦ ᠴᠢᠨᠠᠷᠲᠠᠢ ᠠᠷᠢᠭᠤᠳᠬᠠᠬᠤ ᠪᠠ ᠤᠰᠠᠳᠬᠠᠬᠤ ᠠᠵᠢᠯ ᠢ ᠥᠷᠨᠢᠭᠦᠯᠵᠦ᠂ ︽ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠲᠠᠯᠠᠪᠤᠷ ᠭᠠᠵᠠᠷ᠂ ᠭᠤᠣᠯᠳᠠᠯᠭ᠎ᠠ ᠲᠠᠢ ᠣᠷᠣᠨ ᠪᠠᠶᠢᠷᠢ︾ ᠶᠢ ᠪᠦᠬᠦᠨ ᠢ ᠬᠠᠮᠤᠷᠬᠤ ᠶᠢ ᠪᠠᠲᠤᠯᠠᠪᠠ᠃    ᠠᠷᠢᠭᠤᠳᠬᠠᠨ‌ᠤᠰᠠᠳᠬᠠᠬᠤ ᠠᠵᠢᠯ ᠳᠤ ᠮᠠᠰᠢᠨᠴᠢᠯᠠᠯᠲᠠ ᠪᠠᠷ ᠤᠰᠠᠳᠬᠠᠬᠤ ᠪᠠ ᠬᠥᠮᠥᠨ ᠤ ᠬᠦᠴᠦ ᠪᠠᠷ ᠤᠰᠠᠳᠬᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠪᠥᠬᠦ ᠬᠤᠲᠠ ᠶᠢᠨ ᠠᠰᠠᠷ ᠪᠠᠶᠢᠰᠢᠩ ᠲᠣᠭᠤᠷᠢᠭ᠂ ᠬᠤᠳᠠᠯᠳᠤᠭ᠎ᠠ ᠠᠷᠠᠯᠵᠢᠶ᠎ᠠ ᠶᠢᠨ ᠬᠤᠲᠠ᠂ ᠪᠠᠷᠢᠯᠭ᠎ᠠ ᠶᠢᠨ ᠮᠠᠲ᠋ᠧᠷᠢᠶᠠᠯ ᠤᠨ ᠬᠤᠲᠠ᠂ ᠲᠡᠮᠦᠷ ᠵᠠᠮ ᠪᠠ ᠵᠠᠰᠠᠮᠠᠯ ᠵᠠᠮ ᠤᠨ ᠪᠢᠲᠡᠭᠦᠦ ᠡᠵᠡᠮᠰᠢᠯᠳᠦ ᠬᠠᠮᠢᠶᠠᠷᠣᠯᠳᠠ ᠶᠢᠨ ᠲᠣᠭᠤᠷᠢᠭ᠂ ᠬᠢᠯᠢ ᠬᠢᠵᠠᠭᠠᠷ ᠲᠣᠭᠤᠷᠢᠭ᠂ ᠰᠤᠮᠤ᠂ ᠭᠠᠴᠠᠭ᠎ᠠ᠂ ᠵᠡᠭᠡᠯᠢ ᠭᠤᠳᠤᠮᠵᠢ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ᠂ ᠭᠤᠣᠯᠳᠠᠯᠭ᠎ᠠ ᠲᠠᠢ ᠬᠡᠰᠡᠭ ᠲᠤ ᠪᠥᠬᠦ ᠲᠠᠯ᠎ᠠ ᠪᠠᠷ ᠠᠷᠢᠭᠤᠳᠬᠠᠨ ᠤᠰᠠᠳᠬᠠᠬᠤ ᠶᠢ ᠥᠷᠨᠢᠭᠦᠯᠦᠨ᠎ᠡ᠃    ᠠᠪᠤᠷᠭᠤ ᠭᠦᠷᠪᠡᠯ ᠶᠡᠭᠡ ᠵᠡᠭᠡᠯᠢ ᠶᠢᠨ ᠪᠠᠶᠢᠰᠢᠩ ᠤᠨ ᠲᠣᠭᠤᠷᠢᠭ ᠤᠨ ᠠᠨ ᠱᠦᠨ ᠭᠤᠳᠤᠮᠵᠢ ᠳᠤ᠂ ᠲᠤᠰᠬᠠᠢ ᠮᠡᠷᠭᠡᠵᠢᠯ ᠤᠨ ᠠᠷᠢᠭᠤᠳᠬᠠᠨ ᠠᠷᠢᠯᠭᠠᠬᠤ ᠺᠣᠮᠫᠠᠨᠢ ᠶᠢᠨ ᠠᠵᠢᠯᠲᠠᠳ ᠬᠠᠮᠠᠭᠠᠯᠠᠯᠲᠠ ᠶᠢᠨ ᠬᠤᠪᠴᠠᠰᠤ ᠡᠮᠦᠰᠴᠦ᠂ ᠬᠠᠮᠠᠭᠠᠯᠠᠯᠲᠠ ᠶᠢᠨ ᠪᠠᠭ ᠵᠡᠭᠦᠵᠦ᠂ ᠠᠷᠢᠭᠤᠳᠬᠠᠨ ᠣᠰᠠᠳᠬᠠᠬᠤ ᠡᠮ ᠤᠨ ᠬᠠᠷᠢᠴᠠᠯ ᠢ ᠴᠢᠩᠭ᠎ᠠ ᠵᠢᠷᠤᠮᠯᠠᠵᠤ᠂ ᠠᠷᠢᠭᠤᠳᠬᠠᠨ ᠣᠰᠠᠳᠬᠠᠬᠤ ᠡᠮ ᠨᠠᠶᠢᠷᠠᠭᠤᠯᠤᠭᠰᠠᠨ ᠤ ᠳᠠᠷᠠᠭ᠎ᠠ᠂ ᠭᠠᠷ ᠲᠠᠭᠠᠨ ᠠᠷᠢᠭᠤᠳᠬᠠᠬᠤ ᠪᠠᠭᠠᠵᠢ ᠪᠠᠷ ᠪᠠᠶᠢᠰᠢᠩ ᠲᠣᠭᠤᠷᠢᠭ ᠤᠨ ᠨᠡᠶᠢᠲᠡ ᠶᠢᠨ ᠵᠣᠷᠯᠣᠩ᠂ ᠪᠣᠬᠢᠷ ᠣᠰᠣᠨ ᠤ ᠬᠤᠳᠳᠤᠭ᠂ ᠠᠮᠢᠳᠤᠷᠠᠯ ᠤᠨ ᠬᠤᠭ ᠨᠣᠪᠰᠢ ᠶᠢ ᠪᠠᠭᠠᠰᠬᠠᠬᠤ ᠦᠷᠳᠡᠭᠡ ᠶᠢ ᠪᠦᠬᠦ ᠲᠠᠯ᠎ᠠ ᠪᠠᠷ ᠠᠷᠢᠭᠤᠳᠬᠠᠨ ᠤᠰᠠᠳᠬᠠᠪᠠ᠃  ᠠᠷᠢᠭᠤᠳᠬᠠᠬᠤ ᠶᠠᠪᠤᠴᠠ ᠳᠤ᠂ ᠲᠤᠰᠬᠠᠢ ᠮᠡᠷᠭᠡᠵᠢᠯ ᠤᠨ ᠪᠣᠯᠪᠠᠰᠤᠷᠠᠯ ᠭᠥᠷᠳᠡᠭᠰᠡᠨ ᠠᠵᠢᠯᠲᠠᠨ ᠰᠢᠨᠵᠢᠯᠡᠬᠦ ᠤᠬᠠᠭᠠᠨᠴᠢ ᠪᠠᠷ᠂ ᠨᠠᠷᠢᠯᠢᠭ ᠣᠨᠣᠴᠠᠲᠠᠢ᠂ ᠵᠢᠷᠤᠮᠵᠢᠯ ᠲᠠᠢ ᠠᠵᠢᠯᠯᠠᠵᠤ᠂ ᠥᠨᠴᠥᠭ ᠪᠤᠯᠤᠩ ᠦᠭᠡᠢ᠂ ᠸᠢᠷᠦ᠋ᠰ ᠪᠠ ᠪᠠᠺᠲ᠋ᠧᠷᠢ ᠶᠢᠨ ᠦᠷᠡᠵᠢᠨ ᠳᠡᠯᠭᠡᠷᠡᠬᠦ ᠣᠷᠣᠨ ᠵᠠᠢ ᠣᠯᠭᠤᠬᠤ ᠦᠭᠡᠢ ᠪᠠᠶᠢᠵᠤ᠂ ᠬᠠᠯᠳᠠᠪᠤᠷᠢᠯᠠᠬᠤ ᠠᠷᠭ᠎ᠠ ᠵᠠᠮ   ᠢ ᠲᠠᠰᠤᠯᠵᠤ᠂ ᠬᠤᠲᠠ ᠶᠢᠨ ᠠᠷᠠᠳ ᠤᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ   ᠢ ᠬᠠᠮᠤᠭ ᠤᠨ ᠶᠡᠭᠡ ᠬᠡᠮᠵᠢᠶ᠎ᠡ ᠪᠠᠷ  ᠪᠠᠳᠣᠯᠠᠭᠰᠠᠨ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号