ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠴᠢᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠤᠯᠠᠪᠤᠷ ᠥᠩᠭᠡᠲᠦ ᠰᠡᠷᠭᠡᠶᠢᠯᠡᠯᠲᠡ ᠶᠢᠨ ᠱᠤᠭᠤᠮ︾ ᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2022/8/25
    ᠲᠣᠰ ᠡᠭᠡᠯᠵᠢ ᠶᠢᠨ ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠡᠶᠢᠮᠦ ᠨᠢᠭᠡ ᠪᠦᠯᠦᠭ ᠬᠥᠮᠥᠰ ᠡᠳᠦᠷ ᠪᠦᠷᠢ ᠬᠤᠲᠠ ᠶᠢᠨ ᠵᠡᠭᠡᠯᠢ ᠭᠤᠳᠤᠮᠵᠢ ᠪᠠᠷ ᠰᠦᠯᠵᠢᠯᠳᠦᠨ᠂ ᠬᠤᠶᠠᠷ ᠭᠠᠷ ᠢᠶᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠪᠠ ᠬᠤᠷᠢᠭᠯᠠᠨ ᠴᠣᠬᠢᠬᠤ ᠪᠠᠶᠢᠯᠳᠤᠭᠠᠨ ᠳᠤ ︽ᠠᠷᠢᠭᠤᠨ ᠴᠡᠪᠡᠷ︾ ᠤᠨ ᠪᠠᠲᠤᠯᠠᠭ᠎ᠠ ᠬᠠᠩᠭᠠᠪᠠ ︱ ᠲᠠᠳᠠ ᠪᠣᠯ ᠳᠠᠷᠤᠢ ᠬᠤᠲᠠ ᠶᠢᠨ ᠬᠤᠶ ᠹᠧᠩ ᠴᠢᠩ ᠰᠢᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠪᠣᠯᠣᠨ᠎ᠠ᠃ ᠲᠡᠳᠡ ᠠᠵᠢᠯ ᠤᠨ ᠪᠠᠶᠢᠷᠢ ᠪᠠᠨ ᠪᠠᠲᠤ ᠰᠠᠬᠢᠵᠤ᠂ ᠣᠷᠴᠢᠨ ᠲᠣᠭᠤᠷᠢᠨ ᠤ ᠠᠷᠢᠭᠤᠨ ᠴᠡᠪᠡᠷ   ᠢ ᠴᠢᠩᠭᠠᠳᠬᠠᠨ᠂ ᠬᠢᠵᠢᠭ ᠤᠨ ᠪᠠᠶᠢᠳᠠᠯ   ᠢ ᠰᠡᠷᠭᠡᠶᠢᠯᠡᠨ  ᠡᠵᠡᠮᠳᠡᠬᠦ ᠠᠵᠢᠯ   ᠢ ᠦᠨᠡᠨᠬᠦ ᠰᠠᠶᠢᠲᠤᠷ ᠬᠢᠵᠦ᠂ ᠬᠢᠵᠢᠭ ᠤᠨ ᠪᠠᠶᠢᠳᠠᠯ   ᠢ ᠰᠡᠷᠭᠡᠶᠢᠯᠡᠨ ᠬᠢᠵᠠᠭᠠᠷᠯᠠᠬᠤ ︽ᠤᠯᠠᠪᠤᠷ ᠥᠩᠭᠡ   ᠶᠢᠨ ᠰᠡᠷᠭᠡᠶᠢᠯᠡᠯᠲᠡ   ᠶᠢᠨ ᠱᠤᠭᠤᠮ︾ ᠢ ᠪᠠᠶᠢᠭᠤᠯᠤᠭᠰᠠᠨ ᠪᠠᠶᠢᠨ᠎ᠠ᠃    ᠬᠤᠲᠠ ᠶᠢᠨ ᠲᠣᠭᠤᠷᠢᠭ ᠤᠨ ᠡᠯ᠎ᠡ ᠲᠥᠷᠥᠯ ᠤᠨ ᠠᠮᠢᠳᠤᠷᠠᠯ ᠤᠨ ᠬᠤᠭ ᠨᠣᠪᠰᠢ ᠶᠢ ᠪᠦᠲᠦᠮᠵᠢᠲᠡᠶ ᠰᠠᠶᠢᠲᠤᠷ ᠰᠢᠢᠳᠪᠦᠷᠢᠯᠡᠵᠦ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠠᠶᠤᠯ ᠲᠦᠭᠰᠢᠭᠦᠷᠢ ᠶᠢᠨ ᠳᠠᠯᠳᠠ ᠬᠡᠮ ᠢ ᠲᠠᠰᠤᠯᠬᠤ ᠶᠢᠨ  ᠳᠣᠯᠠᠳᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠬᠤᠲᠠ ᠶᠢᠨ ᠬᠤᠶ ᠹᠧᠩ ᠴᠢᠩ ᠰᠢᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠡᠷᠡ ᠳᠠᠷᠤᠢ ᠳᠤᠨᠢ ᠠᠵᠢᠯ ᠤᠨ ᠵᠠᠭᠪᠤᠷ ᠢᠶᠠᠨ ᠲᠣᠬᠢᠷᠠᠭᠤᠯᠵᠤ᠂ ᠵᠣᠬᠢᠴᠠᠭᠤᠯᠤᠨ ᠲᠣᠬᠢᠷᠠᠭᠤᠯᠬᠤ ᠪᠠᠨ ᠴᠢᠩᠭᠠᠳᠬᠠᠨ᠂  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠡᠷᠭᠡᠶᠢᠯᠡᠯᠲᠡ ᠶᠢᠨ ᠱᠤᠭᠤᠮ︾ ᠢ ᠴᠢᠩᠭ᠎ᠠ ᠰᠠᠬᠢᠪᠠ᠃ ᠺᠣᠮᠫᠠᠨᠢ   ᠠᠴᠠ 150 ᠭᠠᠷᠤᠢ ᠬᠥᠮᠥᠨ ᠲᠣᠬᠢᠷᠠᠭᠤᠯᠵᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ   ᠢ ᠥᠷᠨᠢᠭᠦᠯᠵᠦ᠂ 80 ᠬᠥᠮᠥᠨ   ᠢ ᠲᠥᠪᠯᠡᠷᠡᠭᠦᠯᠦᠨ ᠨᠢᠭᠡᠳᠦᠯᠲᠡᠢ ᠬᠠᠮᠢᠶᠠᠷᠬᠤ   ᠠᠴᠠ ᠭᠠᠳᠠᠨ᠎ᠠ᠂ ᠪᠤᠰᠤᠳ ᠬᠥᠮᠥᠰ ᠥᠪᠡᠷ ᠥᠪᠡᠷ ᠤᠨ ᠬᠠᠷᠢᠭᠤᠴᠠᠵᠤ ᠪᠠᠶᠢᠭ᠎ᠠ ᠬᠤᠭ ᠨᠣᠪᠰᠢ   ᠶᠢ ᠪᠠᠭᠠᠰᠬᠠᠬᠤ ᠥᠷᠲᠡᠭᠡ᠂ ᠨᠡᠶᠢᠲᠡ   ᠶᠢᠨ ᠵᠣᠷᠯᠣᠩ ᠳᠤ ᠰᠠᠭᠤᠵᠤ᠂ ᠬᠥᠮᠥᠨ ᠨᠢ ᠲᠡᠷᠭᠡ ᠪᠠᠨ ᠳᠠᠭᠠᠵᠤ ᠶᠠᠪᠤᠬᠤ᠂ ᠬᠠᠮᠢᠭ᠎ᠠ ᠬᠡᠷᠡᠭᠴᠡᠭᠡ ᠲᠠᠢ ᠪᠣᠯ ᠲᠡᠨᠳᠡ ᠣᠴᠢᠵᠤ᠂ ᠪᠦᠬᠦ ᠬᠤᠲᠠ   ᠶᠢᠨ ᠠᠮᠢᠳᠤᠷᠠᠯ ᠤᠨ ᠬᠤᠭ ᠨᠣᠪᠰᠢ   ᠶᠢ ᠡᠳᠦᠷ ᠡᠳᠦᠷ ᠴᠡᠪᠡᠷᠯᠡᠬᠦ   ᠶᠢ ᠪᠠᠲᠤᠯᠠᠵᠤ ᠪᠠᠶᠢᠨ᠎ᠠ᠃     ᠲᠤᠰ ᠺᠣᠮᠫᠠᠨᠢ   ᠶᠢᠨ ᠦᠢᠯᠡᠳᠪᠦᠷᠢᠯᠡᠯ ᠤᠨ ᠳᠠᠭᠠᠭᠠᠮᠠᠯ ᠯᠢ ᠰᠢᠶᠣᠣ ᠢᠩ ᠬᠡᠯᠡᠬᠦ ᠳᠡᠭᠡᠨ᠄ ︽ᠺᠣᠮᠫᠠᠨᠢ   ᠠᠴᠠ ᠬᠥᠮᠥᠨ ᠨᠢᠭᠡᠪᠦᠷᠢ ᠳᠤ ᠬᠠᠮᠠᠭᠠᠯᠠᠯᠲᠠ   ᠶᠢᠨ ᠬᠡᠷᠡᠭᠰᠡᠯ ᠲᠦᠭᠡᠭᠡᠨ ᠥᠭᠴᠦ᠂ ᠬᠤᠪᠢ ᠬᠥᠮᠥᠨ ᠤ ᠬᠠᠮᠠᠭᠠᠯᠠᠯᠲᠠ   ᠶᠢᠨ ᠠᠵᠢᠯ   ᠢ ᠴᠢᠩᠭ᠎ᠠ ᠬᠢᠭᠰᠡᠨ ᠰᠠᠭᠤᠷᠢᠨ ᠳᠡᠭᠡᠷ᠎ᠡ ᠠᠷᠢᠭᠤᠨ ᠴᠡᠪᠡᠷ ᠤᠨ ᠠᠵᠢᠯ   ᠢ ᠥᠷᠨᠢᠭᠦᠯᠬᠦ ᠬᠡᠷᠡᠭᠲᠡᠢ ᠭᠡᠵᠦ ᠣᠯᠠᠨ   ᠢ ᠱᠠᠭᠠᠷᠳᠠᠵᠤ ᠪᠠᠶᠢᠨ᠎ᠠ᠂ ᠣᠯᠠᠨ ᠢᠶᠠᠷ ᠢᠶᠠᠨ ᠡᠳᠦᠷ ᠪᠦᠷᠢ ᠮᠠᠰᠢ ᠶᠠᠳᠠᠷᠠᠯᠲᠠᠢ ᠠᠵᠢᠯᠯᠠᠵᠤ ᠪᠠᠶᠢᠪᠠᠴᠤ ᠮᠥᠨ ᠯᠡ ᠬᠠᠯᠠᠭᠤᠨ ᠰᠡᠳᠬᠢᠯᠭᠡ ᠣᠷᠭᠢᠯᠵᠤ ᠪᠠᠶᠢᠨ᠎ᠠ᠂ ᠢᠯᠠᠩᠭᠤᠶ᠎ᠠ ᠬᠢᠵᠢᠭ ᠤᠨ ᠪᠠᠶᠢᠳᠠᠯ   ᠢ ᠰᠡᠷᠭᠡᠶᠢᠯᠡᠨ ᠡᠵᠡᠮᠳᠡᠬᠦ ᠠᠵᠢᠯ ᠠᠮᠵᠢᠯᠲᠠ  ᠲᠠᠢ ᠪᠣᠯᠤᠭᠰᠠᠨ   ᠢ ᠦᠵᠡᠭᠡᠳ ᠢᠲᠡᠭᠡᠯ ᠵᠣᠷᠢᠭ ᠨᠢ ᠤᠯᠠᠮ ᠪᠠᠲᠤᠵᠢᠵᠤ᠂ ᠬᠢᠵᠢᠭ ᠤᠨ ᠪᠠᠶᠢᠳᠠᠯ ᠴᠤ ᠤᠳᠠᠯ ᠦᠭᠡᠢ ᠳᠠᠭᠤᠰᠬᠤ   ᠶᠢ ᠢᠲᠡᠭᠡᠵᠦ ᠪᠠᠶᠢᠨ᠎ᠠ︾ ᠭᠡᠵᠡᠢ᠃    ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠤᠨ ᠡᠮᠦᠨ᠎ᠡ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠳ ᠴᠡᠭᠡᠵᠢ ᠲᠦᠷᠢᠨ ᠭᠠᠷᠴᠤ᠂ ᠢᠮᠠᠭᠲᠠ ᠪᠠᠲᠤ ᠰᠠᠬᠢᠵᠤ᠂ ᠦᠨᠡᠨᠴᠢ ᠰᠢᠳᠤᠷᠭᠤ ᠪᠠ ᠬᠠᠷᠢᠭᠤᠴᠠᠯᠭ᠎ᠠ ᠪᠠᠷ ᠬᠤᠳᠠ ᠶᠢᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠪᠠᠲᠤᠯᠠᠵᠤ᠂ ᠡᠨᠡᠬᠦ ᠬᠤᠳᠠ ᠶᠢ ᠡᠷᠡᠰ ᠬᠠᠲᠠᠭᠤ᠂ ᠡᠷᠡᠰ ᠪᠠᠷᠢᠮᠲᠠᠯᠠᠯ ᠪᠠ ᠬᠤᠪᠢ ᠨᠡᠮᠡᠷᠢ ᠪᠠᠷ ᠢᠶᠠᠨ ᠰᠠᠬᠢᠨ ᠬᠠᠮᠠᠭᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠤᠯᠠᠪᠤᠷ ᠥᠩᠭᠡᠲᠦ ᠰᠡᠷᠭᠡᠶᠢᠯᠡᠯᠲᠡ ᠶᠢᠨ ᠱᠤᠭᠤᠮ︾  ᠢ ᠪᠠᠲᠤ ᠴᠣᠭᠴᠠᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号