【ᠰᠡᠳᠬᠢᠯ ᠨᠢᠭᠡᠳᠦᠨ ᠬᠢᠵᠢᠭ ᠤᠨ ᠪᠠᠶᠢᠳᠠᠯ ᠢ ᠡᠰᠡᠷᠭᠦᠴᠡᠬᠦ】 ᠮᠠᠨ ᠤ ᠬᠤᠲᠠ ᠶᠢᠨ ᠳᠣᠣᠷ᠎ᠠ ᠲᠦᠭᠰᠢᠭᠦᠷᠢ ᠶᠢᠨ ᠣᠷᠣᠨ ᠤ ᠰᠠᠭᠤᠭᠠᠯᠢ ᠲᠣᠭᠤᠷᠢᠭ ᠤᠨ ᠬᠥᠮᠥᠨ ᠪᠠ ᠲᠡᠷᠭᠡ ᠬᠥᠰᠬᠡ ᠡᠮᠬᠢ ᠵᠢᠷᠤᠮ ᠲᠠᠢ ᠪᠠᠷ ᠣᠷᠣᠵᠤ ᠭᠠᠷᠪᠠ
ᠨᠡᠶᠢᠲᠡᠯᠡᠭᠰᠡᠨ ᠴᠠᠭ᠄
2022/8/26
    ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ 44 ᠳ᠋ᠣᠭᠡᠷ ᠠᠯᠪᠠᠨ ᠵᠠᠷ ᠢ ᠦᠨᠳᠦᠰᠦᠯᠡᠪᠡᠯ᠂ ᠮᠠᠨ ᠤ ᠬᠤᠲᠠ 8 ᠰᠠᠷ᠎ᠠ ᠶᠢᠨ 21 ᠤ ᠡᠳᠦᠷ ᠠᠴᠠ 24 ᠤ ᠡᠳᠦᠷ ᠪᠣᠯᠲᠠᠯ᠎ᠠ ᠦᠷᠭᠦᠯᠵᠢᠯᠡᠨ 4 ᠡᠭᠡᠯᠵᠢ ᠶᠢᠨ ᠣᠷᠣᠨ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠲᠤᠰᠠᠭᠠᠷᠯᠠᠨ ᠬᠠᠮᠢᠶᠠᠷᠴᠤ ᠡᠵᠡᠮᠳᠡᠬᠦ ᠠᠵᠢᠯᠲᠠᠨ ᠤ ᠳᠤᠮᠳᠠ ᠠᠴᠠ ᠸᠢᠷᠦ᠋ᠰ ᠲᠤ ᠬᠠᠯᠳᠠᠪᠤᠷᠢᠯᠠᠭᠳᠠᠭᠰᠠᠳ ᠢ ᠪᠠᠶᠢᠴᠠᠭᠠᠵᠤ ᠭᠠᠷᠭᠠᠭᠰᠠᠨ ᠠᠴᠠ ᠭᠠᠳᠠᠨ᠎ᠠ᠂ ᠨᠡᠶᠢᠭᠡᠮ ᠤᠨ ᠲᠠᠯ᠎ᠠ ᠠᠴᠠ ᠠᠷᠭ᠎ᠠ ᠴᠢᠨᠠᠷᠲᠠᠢ ᠬᠠᠯᠳᠠᠪᠤᠷᠢᠯᠠᠭᠰᠠᠳ ᠭᠠᠷᠣᠭᠰᠠᠨ ᠦᠭᠡᠢ᠃ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠥᠯ ︵ᠶᠢᠰᠦᠳᠦᠭᠡᠷ ᠬᠡᠪᠯᠡᠯ︶︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠠᠴᠠ ᠶᠡᠷᠦᠩᠬᠡᠶᠢᠯᠡᠨ ᠰᠤᠳᠤᠯᠤᠨ ᠮᠠᠭᠠᠳᠯᠠᠭᠰᠠᠨ ᠢᠶᠠᠷ᠂ 8 ᠰᠠᠷ᠎ᠠ ᠶᠢᠨ 25᠂ 26 ᠤ ᠡᠳᠦᠷ ᠤᠨ ᠣᠷᠣᠨ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠲᠦᠷ ᠵᠣᠭᠰᠤᠭᠠᠬᠤ ᠬᠤᠭᠤᠴᠠᠭᠠᠨ ᠳᠤ᠂ ᠳᠣᠣᠷ᠎ᠠ ᠲᠦᠭᠰᠢᠭᠦᠷᠢ ᠶᠢᠨ ᠣᠷᠣᠨ ᠤ ᠬᠥᠮᠥᠰ ︽ᠨᠢᠭᠡ ᠡᠷᠦᠬᠡ ᠳᠤ ᠨᠢᠭᠡ ᠺᠠᠷᠲ ᠬᠡᠷᠡᠭᠯᠡᠵᠦ᠂ ᠨᠢᠭᠡ ᠡᠳᠦᠷ ᠲᠤ ᠨᠢᠭᠡ ᠬᠥᠮᠥᠨ ᠳᠤ ᠨᠢᠭᠡ ᠤᠳᠠᠭ᠎ᠠ ᠬᠡᠷᠡᠭᠯᠡᠬᠦ︾ ᠱᠠᠭᠠᠷᠳᠠᠯᠭ᠎ᠠ ᠶᠣᠰᠣᠭᠠᠷ᠂ ᠴᠠᠭ᠂ ᠬᠡᠰᠡᠭ᠂ ᠪᠦᠯᠦᠭ ᠬᠤᠪᠢᠶᠠᠨ ᠭᠠᠳᠠᠭᠰᠢ ᠭᠠᠷᠴᠤ ᠪᠣᠯᠣᠨ᠎ᠠ᠃     8 ᠰᠠᠷ᠎ᠠ ᠶᠢᠨ 25 ᠤ ᠡᠳᠦᠷ᠂ ᠳᠠᠭᠠᠭᠠᠴᠢᠯᠠᠨ ᠬᠠᠷᠢᠭᠤᠴᠠᠭᠰᠠᠨ ᠨᠢᠭᠡᠴᠡ ᠶᠢᠨ ᠠᠵᠢᠯᠲᠠᠨ ᠳᠣᠣᠷ᠎ᠠ ᠲᠦᠭᠰᠢᠭᠦᠷᠢ ᠶᠢᠨ ᠡᠯ᠎ᠡ ᠣᠷᠣᠨ ᠬᠡᠪᠴᠢᠶᠡᠨ ᠤ ᠰᠠᠭᠤᠭᠠᠯᠢ ᠲᠣᠭᠤᠷᠢᠭ ᠤᠨ ᠭᠡᠷ ᠪᠦᠯᠢ ᠳᠤ ᠲᠦᠷ ᠴᠠᠭ ᠤᠨ ᠴᠢᠨᠠᠷᠲᠠᠢ ᠰᠠᠭᠤᠭᠠᠯᠢ ᠠᠷᠠᠳ ᠤᠨ ᠣᠷᠣᠵᠤ ᠭᠠᠷᠬᠤ ᠺᠠᠷᠲ ᠣᠯᠭᠤᠪᠠ᠃ ᠠᠵᠢᠯᠲᠠᠳ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠣᠷᠣᠵᠤ ᠭᠠᠷᠬᠤ ᠺᠠᠷᠲ ᠲᠠᠢ ᠰᠠᠭᠤᠭᠠᠯᠢ ᠲᠣᠭᠤᠷᠢᠭ ᠤᠨ ᠰᠠᠭᠤᠭᠠᠯᠢ ᠠᠷᠠᠳ ᠲᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠲᠡᠮᠳᠡᠭᠯᠡᠯ ᠢ ᠨᠠᠷᠢᠨ ᠬᠢᠨᠠᠮᠠᠭᠠᠢ ᠪᠠᠶᠢᠴᠠᠭᠠᠨ ᠰᠢᠯᠭᠠᠵᠤ᠂ ᠲᠠᠯᠠᠪᠤᠷ ᠤᠨ ᠨᠣᠮᠧᠷ ᠢ ᠰᠢᠷᠪᠢᠵᠦ᠂ ᠮᠡᠳᠡᠭᠡ ᠵᠠᠩᠭᠢ ᠶᠢ ᠲᠡᠮᠳᠡᠭᠯᠡᠭᠰᠡᠨ ᠤ ᠳᠠᠷᠠᠭ᠎ᠠ ᠲᠠᠯᠪᠢᠵᠤ ᠶᠠᠪᠤᠭᠤᠯᠤᠨ᠎ᠠ᠃ ᠰᠠᠭᠤᠭᠠᠯᠢ ᠠᠷᠠᠳ ᠤᠨ ᠲᠣᠭᠤᠷᠢᠭ ᠢᠶᠠᠷ ᠣᠷᠣᠵᠤ ᠭᠠᠷᠬᠤ ᠰᠠᠭᠤᠭᠠᠯᠢ ᠠᠷᠠᠳ ᠠᠵᠢᠯᠲᠠᠳ ᠲᠠᠢ ᠨᠢᠭᠲᠠ ᠬᠠᠮᠵᠢᠯᠴᠠᠵᠤ᠂ ᠠᠮᠠᠪᠴᠢ ᠵᠡᠭᠦᠵᠦ᠂ ᠪᠥᠭᠡᠮᠨᠡᠷᠡᠬᠦ ᠦᠭᠡᠢ᠂ ᠡᠮᠬᠢ ᠵᠢᠷᠤᠮ ᠲᠠᠢ ᠪᠠᠷ ᠰᠢᠯᠵᠢᠨ᠎ᠡ᠃      ᠳᠤᠮᠳᠠ ᠲᠦᠭᠰᠢᠭᠦᠷᠢᠲᠦ ᠣᠷᠣᠨ ᠳᠤ᠂ ᠭᠤᠣᠯᠳᠠᠯᠭ᠎ᠠ ᠲᠠᠢ ᠬᠥᠮᠥᠰ ᠨᠢ ︽ᠡᠷᠢᠶᠡᠨ ᠬᠤᠲᠠ ᠶᠢᠨ ᠰᠢᠨ᠎ᠡ ᠲᠢᠲᠢᠮᠲᠦ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠠᠯᠪᠠᠨ ᠵᠠᠷ ﹇2022﹈ 43 ᠳ᠋ᠤᠭᠠᠷ ᠲᠣᠭᠠᠲᠤ︾ ᠪᠠᠷ ᠯᠠᠪᠯᠠᠯᠲᠠ ᠪᠣᠯᠭᠠᠨ ᠬᠡᠷᠡᠭᠵᠢᠭᠦᠯᠵᠦ᠂ ᠰᠠᠭᠤᠭᠠᠯᠢ ᠠᠷᠠᠳ ᠪᠠᠴᠢᠮ ᠱᠠᠭᠠᠷᠳᠠᠯᠭ᠎ᠠ ᠦᠭᠡᠢ ᠪᠣᠯ ᠭᠠᠳᠠᠭᠰᠢ ᠭᠠᠷᠬᠤ ᠦᠭᠡᠢ ᠪᠠᠶᠢᠬᠤ ᠬᠡᠷᠡᠭᠲᠡᠢ᠂ ᠡᠪᠡᠳᠴᠢᠯᠡᠭᠡᠳ ᠡᠮᠨᠡᠭᠦᠯᠬᠦ ᠵᠡᠷᠭᠡ ᠣᠨᠴᠣᠭᠤᠢ ᠬᠦᠴᠢᠷᠳᠡᠯ ᠲᠠᠢ ᠪᠣᠯ ᠴᠠᠭ ᠲᠤᠬᠠᠢ ᠳᠤᠨᠢ ᠪᠠᠶᠢᠭ᠎ᠠ ᠨᠡᠶᠢᠭᠡᠮ ᠲᠣᠭᠤᠷᠢᠭ ᠲᠠᠢ ᠪᠠᠨ ᠬᠠᠷᠢᠯᠴᠠᠵᠤ᠂ ᠲᠤᠬᠠᠢ ᠶᠢᠨ ᠴᠠᠭ ᠲᠤ ︽ᠨᠢᠭᠡ ᠬᠥᠮᠥᠨ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠵᠠᠷᠴᠢᠮ ᠶᠣᠰᠣᠭᠠᠷ᠂ ᠲᠥᠬᠦᠮ ᠦᠢᠯᠡᠴᠢᠯᠡᠭᠡ ᠬᠠᠩᠭᠠᠨ᠎ᠠ᠃      ᠠᠳᠡ ᠪᠢᠳᠡ ᠪᠠᠰᠠ ᠥᠷᠭᠡᠨ ᠣᠯᠠᠨ ᠲᠦᠮᠡᠨ ᠳᠤ ᠰᠠᠨᠠᠭᠤᠯᠬᠤ ᠨᠢ᠂ ᠬᠢᠵᠢᠭ   ᠢ ᠰᠡᠷᠭᠡᠶᠢᠯᠡᠬᠦ ᠠᠵᠢᠯ ᠤᠨ ᠦᠷ᠎ᠡ ᠪᠦᠲᠦᠭᠡᠯ   ᠢ ᠣᠯᠣᠭᠰᠠᠨ ᠨᠢ ᠬᠢᠯᠪᠠᠷ ᠪᠤᠰᠤ ᠶᠤᠮ᠂ ᠠᠯᠪᠠᠨ ᠵᠠᠷ ᠤᠨ ᠱᠠᠭᠠᠷᠳᠠᠯᠭ᠎ᠠ   ᠶᠢ ᠴᠢᠩᠭ᠎ᠠ ᠵᠢᠷᠤᠮᠯᠠᠨ ᠂ ᠨᠣᠮᠧᠷ ᠱᠦᠭᠦᠷᠳᠡᠨ ᠳᠠᠩᠰᠠᠯᠠᠬᠤ ᠠᠵᠢᠯ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠶᠢᠨ ᠬᠠᠮᠲᠤ ᠭᠠᠳᠠᠭᠰᠢ ᠭᠠᠷᠬᠤ ᠪᠦᠬᠦ ᠶᠠᠪᠤᠴᠠ ᠳᠤ ᠠᠮᠠᠪᠴᠢ ᠵᠡᠭᠦᠵᠦ᠂ ᠭᠡᠷ ᠲᠡᠭᠡᠨ ᠬᠠᠷᠢᠭᠰᠠᠨ ᠤ ᠳᠠᠷᠠᠭ᠎ᠠ ᠭᠠᠷ ᠢᠶᠠᠨ ᠨᠠᠷᠢᠨ ᠬᠢᠨᠠᠮᠠᠭᠠᠢ ᠤᠬᠢᠶᠠᠵᠤ᠂ ᠭᠡᠷ ᠳᠣᠲᠣᠷᠠᠬᠢ ᠰᠠᠯᠬᠢ ᠵᠢᠪᠠᠷ ᠨᠡᠪᠲᠡᠷᠡᠭᠦᠯᠬᠦ   ᠶᠢ ᠪᠠᠲᠤᠯᠠᠬᠤ ᠬᠡᠷᠡᠭᠲᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号