【 ᠰᠡᠳᠬᠢᠯ ᠨᠢᠭᠡᠳᠦᠨ ᠬᠢᠵᠢᠭ ᠤᠨ ᠪᠠᠶᠢᠳᠠᠯ ᠢ ᠡᠰᠡᠷᠭᠦᠴᠡᠬᠦ】 ᠮᠠᠨ ᠤ ᠬᠤᠲᠠ ᠭᠠᠳᠠᠷ ᠣᠷᠣᠨ ᠳᠤ ᠣᠴᠢᠵᠤ ᠰᠤᠷᠤᠯᠴᠠᠵᠤ ᠪᠠᠶᠢᠭ᠎ᠠ ᠰᠤᠷᠤᠭᠴᠢᠳ ᠤᠨ ᠰᠤᠷᠭᠠᠭᠤᠯᠢ ᠳᠠᠭᠠᠨ ᠪᠤᠴᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2022/8/26
     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠯᠠᠮ ᠢᠶᠠᠷ ᠰᠠᠶᠢᠵᠢᠷᠠᠬᠤ ᠶᠢ ᠳᠠᠭᠠᠯᠳᠤᠨ᠂ ᠭᠠᠳᠠᠨ᠎ᠠ ᠣᠷᠣᠨ ᠳᠤ ᠰᠤᠷᠤᠯᠴᠠᠵᠤ ᠪᠠᠶᠢᠭ᠎ᠠ ᠰᠤᠷᠤᠭᠴᠢᠳ ᠤᠨ ᠰᠤᠷᠭᠠᠭᠤᠯᠢ ᠳᠠᠭᠠᠨ ᠪᠤᠴᠠᠵᠤ ᠰᠤᠷᠤᠯᠭ᠎ᠠ ᠪᠠᠨ ᠰᠡᠷᠭᠦᠭᠡᠬᠦ ᠶᠢ ᠪᠠᠲᠤᠯᠠᠵᠤ᠂ ᠬᠢᠵᠢᠭ ᠤᠨ ᠪᠠᠶᠢᠳᠠᠯ ᠭᠠᠷᠬᠤ ᠦᠭᠡᠢ ᠪᠠᠶᠢᠬᠤ ᠶᠢ ᠪᠠᠲᠤᠯᠠᠬᠤ ᠶᠢᠨ ᠳᠣᠯᠠᠳᠠ᠂ ᠣᠶᠢᠷ᠎ᠠ ᠶᠢᠨ ᠡᠳᠦᠷ ᠤᠳ ᠲᠤ᠂ ᠮᠠᠨ ᠤ ᠬᠤᠲᠠ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠭᠠᠳᠠᠨ᠎ᠠ ᠣᠷᠣᠨ ᠳᠤ ᠣᠴᠢᠵᠤ ᠰᠤᠷᠤᠯᠴᠠᠵᠤ ᠪᠠᠶᠢᠭ᠎ᠠ ᠰᠤᠷᠤᠭᠴᠢᠳ ᠤᠨ ᠰᠤᠷᠭᠠᠭᠤᠯᠢ ᠳᠠᠭᠠᠨ ᠪᠤᠴᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠭᠰᠡᠨ ᠪᠠᠶᠢᠨ᠎ᠠ᠃
   ᠲᠣᠰ ᠡᠭᠡᠯᠵᠢ ᠶᠢᠨ ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠮᠠᠨ ᠤ ᠬᠤᠲᠠ ᠲᠡᠷᠡ ᠳᠠᠷᠤᠢ ᠳᠤᠨᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠢᠯᠤᠭᠤᠳᠬᠤ ᠰᠢᠰᠲ᠋ᠧᠮ ᠢ ᠡᠬᠢᠯᠡᠨ ᠬᠡᠷᠡᠭᠵᠢᠭᠦᠯᠵᠦ᠂ ᠭᠠᠳᠠᠨ᠎ᠠ ᠣᠷᠣᠨ ᠳᠤ ᠣᠴᠢᠵᠤ ᠰᠤᠷᠤᠯᠴᠠᠬᠤ ᠪᠠᠴᠢᠮ ᠬᠡᠷᠡᠭᠴᠡᠭᠡ ᠲᠠᠢ ᠰᠣᠷᠣᠭᠴᠢ ᠶᠢᠨ ᠪᠠᠶᠢᠳᠠᠯ ᠢ ᠨᠢᠭᠡᠳᠦᠯᠲᠡᠢ ᠲᠥᠯᠥᠪᠯᠡᠨ ᠪᠠᠶᠢᠴᠠᠭᠠᠵᠤ᠂ ︽ᠳᠠᠷᠤᠶᠢᠬᠠᠨ ᠮᠡᠳᠡᠭᠦᠯᠪᠡᠯ ᠳᠠᠷᠤᠶᠢᠬᠠᠨ ᠶᠠᠪᠤᠬᠤ︾ ᠪᠤᠴᠠᠬᠤ ᠵᠠᠭᠪᠤᠷ ᠢ ᠲᠣᠭᠲᠠᠭᠠᠵᠤ᠂ ᠭᠠᠳᠠᠨ᠎ᠠ ᠣᠷᠣᠨ ᠳᠤ ᠰᠤᠷᠤᠯᠴᠠᠵᠤ ᠪᠠᠶᠢᠭ᠎ᠠ ᠰᠣᠷᠣᠭᠴᠢ ᠶᠢ ᠴᠠᠭ ᠲᠤᠬᠠᠢ ᠳᠤᠨᠢ ᠰᠤᠷᠭᠠᠭᠤᠯᠢ ᠳᠤ ᠣᠴᠢᠭᠤᠯᠬᠤ ᠪᠠᠷ ᠡᠮᠬᠢ ᠵᠢᠷᠤᠮ ᠲᠠᠢ ᠵᠣᠬᠢᠶᠠᠨ ᠪᠠᠶᠢᠭᠤᠯᠪᠠ᠃ ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ᠂ ᠵᠠᠮ ᠬᠠᠷᠢᠯᠴᠠᠭ᠎ᠠ᠂ ᠨᠡᠶᠢᠭᠡᠮ ᠲᠣᠭᠤᠷᠢᠭ ᠵᠡᠷᠭᠡ ᠰᠠᠯᠠᠭ᠎ᠠ ᠮᠥᠴᠢᠷ ᠤᠨ ᠠᠵᠢᠯᠲᠠᠨ ᠢ ᠲᠡᠳᠡᠨ ᠰᠢᠯᠵᠢᠭᠦᠯᠵᠦ᠂ ᠠᠵᠢᠯ ᠤᠨ ᠲᠤᠰᠬᠠᠢ ᠠᠩᠭᠢ ᠪᠦᠷᠢᠯᠳᠦᠭᠦᠯᠦᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠬᠤ ᠬᠡᠷᠡᠭᠲᠡᠢ᠃ ᠨᠡᠶᠢᠭᠡᠮ ᠲᠣᠭᠤᠷᠢᠭ ᠢᠶᠠᠷ ᠨᠢᠭᠡᠴᠢ ᠪᠣᠯᠭᠠᠨ᠂ ᠰᠤᠷᠭᠠᠭᠤᠯᠢ ᠳᠠᠭᠠᠨ ᠪᠤᠴᠠᠭᠰᠠᠨ ᠰᠣᠷᠣᠭᠴᠢ ᠶᠢ ᠪᠦᠷᠢᠳᠬᠡᠨ᠂ ᠠᠳᠠᠯᠢ ᠪᠤᠰᠤ ᠵᠣᠷᠢᠭᠰᠠᠨ ᠭᠠᠵᠠᠷ ᠢᠶᠠᠷ ᠨᠢ ᠲᠥᠷᠥᠯ ᠬᠤᠪᠢᠶᠠᠨ ᠪᠦᠷᠢᠳᠬᠡᠵᠦ᠂ ︽ᠴᠡᠭ ᠠᠴᠠ ᠴᠡᠭ ᠲᠤ ᠬᠦᠷᠬᠦ︾ ᠪᠠᠷ ᠳᠠᠮᠵᠢᠭᠤᠯᠤᠨ᠂ ᠬᠠᠷᠢᠯᠴᠠᠬᠤ ᠤᠲᠠᠰᠤ ᠪᠠ ᠰᠤᠷᠭᠠᠭᠤᠯᠢ ᠳᠤ ᠭᠦᠷᠦᠭᠰᠡᠨ ᠪᠠᠶᠢᠳᠠᠯ ᠵᠡᠷᠭᠡ ᠮᠡᠳᠡᠭᠡ ᠵᠠᠩᠭᠢ ᠶᠢ ᠨᠤᠲᠠᠯᠠᠵᠤ᠂ ᠮᠠᠨ ᠤ ᠬᠤᠲᠠ ᠶᠢᠨ ᠰᠣᠷᠣᠭᠴᠢ ᠶᠢᠨ ᠰᠤᠷᠭᠠᠭᠤᠯᠢ ᠳᠠᠭᠠᠨ ᠪᠤᠴᠠᠵᠤ ᠬᠢᠴᠢᠶᠡᠯ ᠢᠶᠠᠨ ᠤᠷᠤᠭᠰᠢᠲᠠᠢ ᠰᠡᠷᠭᠦᠭᠡᠬᠦ ᠶᠢ  ᠪᠠᠲᠤᠯᠠᠨ᠎ᠠ᠃
   ᠪᠦᠷᠢᠳᠬᠡᠯ ᠢ ᠦᠨᠳᠦᠰᠦᠯᠡᠪᠡᠯ᠂ ᠣᠳᠣᠬᠠᠨ ᠳᠤ ᠮᠠᠨ ᠤ ᠬᠤᠲᠠ ᠶᠢᠨ ᠭᠠᠳᠠᠭᠰᠢ ᠭᠠᠷᠴᠤ ᠰᠤᠷᠤᠯᠴᠠᠬᠤ ᠴᠢᠬᠤᠯᠠᠲᠠᠢ ᠰᠣᠷᠣᠭᠴᠢ ᠨᠡᠶᠢᠲᠡ 536 ᠬᠥᠮᠥᠨ ᠪᠠᠶᠢᠨ᠎ᠠ᠃ 8 ᠰᠠᠷ᠎ᠠ ᠶᠢᠨ 25 ᠤ ᠡᠳᠦᠷ ᠤᠨ 17 ᠴᠠᠭ ᠪᠣᠯᠲᠠᠯ᠎ᠠ᠂ 294 ᠰᠣᠷᠣᠭᠴᠢ ︵ᠭᠡᠷ ᠤᠨ ᠠᠬᠠᠮᠠᠳ ᠲᠤ ᠪᠠᠷ᠎ᠠ ᠪᠣᠯᠬᠤ 607 ᠬᠥᠮᠥᠨ︶ ᠶᠢ ᠵᠣᠬᠢᠶᠠᠨ ᠪᠠᠶᠢᠭᠤᠯᠵᠤ ᠭᠠᠳᠠᠷ ᠣᠷᠣᠨ ᠳᠤ ᠰᠤᠷᠤᠯᠴᠠᠭᠤᠯᠪᠠ᠃ ᠮᠥᠷᠳᠡᠨ ᠬᠠᠷᠢᠯᠴᠠᠬᠤ ᠪᠠᠷ ᠳᠠᠮᠵᠢᠭᠠᠳ᠂ ᠳᠡᠭᠡᠷᠡᠬᠢ ᠰᠤᠷᠤᠭᠴᠢᠳ ᠪᠣᠯᠣᠨ ᠭᠡᠷ ᠤᠨ ᠠᠬᠠᠮᠠᠳ ᠴᠥᠮ ᠰᠤᠷᠭᠠᠭᠤᠯᠢ ᠶᠢᠨ ᠪᠠᠶᠢᠭ᠎ᠠ ᠭᠠᠵᠠᠷ ᠲᠤ ᠬᠦᠷᠴᠦ᠂ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠬᠡᠷᠡᠭᠵᠢᠭᠦᠯᠦᠭᠰᠡᠨ ᠪᠠᠶᠢᠨ᠎ᠠ᠃     ᠣᠶᠢᠯᠠᠭᠠᠭᠰᠠᠨ ᠢᠶᠠᠷ᠂ ᠰᠤᠷᠤᠭᠴᠢᠳ ᠪᠤᠴᠠᠵᠤ ᠢᠷᠡᠬᠦ ᠳᠡᠭᠡᠨ 3 ᠡᠳᠦᠷ ᠰᠢᠬᠠᠮ ᠤᠨ ᠣᠷᠣᠨ ᠬᠡᠪᠴᠢᠶᠡᠨ ᠤ ᠪᠥᠭᠡᠮ ᠬᠦᠴᠢᠯ ᠤᠨ ᠪᠢᠯᠢᠭ ᠴᠢᠨᠠᠷ ᠤᠨ ᠮᠡᠳᠡᠭᠦᠯᠦᠯᠲᠡ ︵ᠲᠣᠰ ᠡᠳᠦᠷ ᠢ ᠪᠠᠭᠲᠠᠭᠠᠨ᠎ᠠ︶᠂ ᠣᠷᠣᠰᠢᠨ ᠰᠠᠭᠤᠵᠤ ᠪᠠᠶᠢᠭ᠎ᠠ ᠭᠠᠵᠠᠷ ᠨᠢ ᠠᠶᠤᠯ ᠲᠦᠭᠰᠢᠭᠦᠷᠢ ᠪᠠᠭᠠᠲᠠᠢ ᠣᠷᠣᠨ ᠵᠡᠷᠭᠡ ᠨᠥᠬᠦᠴᠡᠯ ᠢ ᠬᠠᠩᠭᠠᠬᠤ ᠴᠢᠬᠤᠯᠠᠲᠠᠢ ᠪᠠᠶᠢᠪᠠᠯ᠂ ᠪᠠᠶᠢᠭ᠎ᠠ ᠨᠡᠶᠢᠭᠡᠮ ᠲᠣᠭᠤᠷᠢᠭ ᠠᠴᠠ 7 ᠡᠳᠦᠷ ᠰᠢᠬᠠᠮ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠭᠡᠷᠡᠴᠢ ᠭᠠᠷᠭᠠᠬᠤ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠷᠡᠭᠦᠯ ᠮᠡᠨᠳᠦ ᠶᠢᠨ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠢᠶᠠᠷ ᠰᠤᠳᠤᠯᠤᠨ ᠮᠠᠭᠠᠳᠯᠠᠭᠤᠯᠵᠤ ᠵᠥᠪᠰᠢᠶᠡᠷᠡᠭᠦᠯᠦᠭᠰᠡᠨ ᠤ ᠳᠠᠷᠠᠭ᠎ᠠ ᠲᠠᠯᠪᠢᠵᠤ ᠶᠠᠪᠤᠭᠤᠯᠤᠨ᠎ᠠ
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号