ᠮᠠᠨ ᠤ ᠬᠤᠳᠠ ︽ᠪᠦᠬᠦᠨ ᠢ ᠪᠦᠷᠬᠦᠭᠦᠯᠵᠦ ᠦᠯᠦ ᠣᠷᠬᠢᠭᠳᠠᠭᠤᠯᠬᠤ︾ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠠᠷᠢᠭᠤᠳᠬᠠᠨ ᠤᠰᠠᠳᠬᠠᠬᠤ ᠠᠵᠢᠯ ᠢ ᠥᠷᠨᠢᠭᠦᠯᠵᠡᠢ
ᠨᠡᠶᠢᠲᠡᠯᠡᠭᠰᠡᠨ ᠴᠠᠭ᠄
2022/8/29
   
   ᠠᠷᠢᠭᠤᠳᠬᠠᠨ ᠤᠰᠠᠳᠬᠠᠬᠤ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠦᠬᠦ ᠬᠡᠯᠬᠢᠶ᠎ᠡ ᠶᠢᠨ ᠴᠢᠬᠤᠯᠠ ᠵᠠᠩᠭᠢᠯᠠᠭ᠎ᠠ ᠪᠣᠯᠣᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠤᠰᠠᠳᠬᠠᠬᠤ ᠠᠵᠢᠯ ᠤᠨ ᠬᠠᠮᠤᠷᠬᠤ ᠡᠷᠴᠢᠮ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ ᠸᠢᠷᠦ᠋ᠰ ᠤᠨ ᠬᠠᠯᠳᠠᠪᠤᠷᠢᠯᠠᠬᠤ ᠠᠷᠭ᠎ᠠ ᠵᠠᠮ ᠢ ᠲᠠᠰᠤᠯᠬᠤ ᠶᠢᠨ ᠳᠣᠯᠠᠳᠠ᠂ 8 ᠰᠠᠷ᠎ᠠ ᠶᠢᠨ 23 ᠤ ᠡᠳᠦᠷ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠠᠷᠢᠭᠤᠳᠬᠠᠬᠤ ᠳᠤᠭᠤᠶᠢᠯᠠᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠥᠬᠦ ᠬᠤᠲᠠ ᠶᠢᠨ ᠬᠡᠪᠴᠢᠶᠡᠨ ᠳᠤ ᠤᠷᠢᠳᠴᠢᠯᠠᠨ ᠰᠡᠷᠭᠡᠶᠢᠯᠡᠬᠦ ᠴᠢᠨᠠᠷᠲᠠᠢ ᠠᠷᠢᠭᠤᠳᠬᠠᠬᠤ ᠠᠵᠢᠯ ᠢ ᠥᠷᠨᠢᠭᠦᠯᠵᠦ᠂ ︽ᠭᠤᠣᠯᠳᠠᠯᠭ᠎ᠠ ᠲᠠᠢ ᠣᠷᠣᠨ ᠭᠡᠪᠴᠢᠶ᠎ᠡ᠂ ᠭᠤᠣᠯᠳᠠᠯᠭ᠎ᠠ ᠲᠠᠢ ᠲᠠᠯᠠᠪᠤᠷ ᠭᠠᠵᠠᠷ᠂ ᠭᠤᠣᠯᠳᠠᠯᠭ᠎ᠠ ᠲᠠᠢ ᠣᠷᠣᠨ ᠪᠠᠶᠢᠷᠢ︾ ᠶᠢ ᠪᠦᠬᠦᠨ ᠢ ᠬᠠᠮᠤᠷᠬᠤ ᠶᠢ ᠪᠠᠲᠤᠯᠠᠪᠠ᠃
   ᠤᠰᠠᠳᠬᠠᠬᠤ ᠠᠵᠢᠯ ᠳᠤ ᠮᠠᠰᠢᠨᠴᠢᠯᠠᠯᠲᠠ ᠪᠠᠷ ᠤᠰᠠᠳᠬᠠᠬᠤ ᠪᠠ ᠬᠥᠮᠥᠨ ᠤ ᠬᠦᠴᠦ ᠪᠠᠷ ᠤᠰᠠᠳᠬᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠪᠥᠬᠦ ᠬᠤᠲᠠ ᠶᠢᠨ ᠠᠰᠠᠷ ᠪᠠᠷᠢᠯᠭ᠎ᠠ ᠶᠢᠨ ᠲᠣᠭᠤᠷᠢᠭ᠂ ᠪᠠᠶᠢᠰᠢᠩ ᠲᠣᠭᠤᠷᠢᠭ ᠂ ᠬᠤᠳᠠᠯᠳᠤᠭ᠎ᠠ ᠠᠷᠠᠯᠵᠢᠶ᠎ᠠ ᠶᠢᠨ ᠬᠤᠲᠠ᠂ ᠪᠠᠷᠢᠯᠭ᠎ᠠ ᠶᠢᠨ ᠮᠠᠲ᠋ᠧᠷᠢᠶᠠᠯ ᠤᠨ ᠬᠤᠲᠠ᠂ ᠲᠡᠮᠦᠷ ᠵᠠᠮ ᠪᠠ ᠵᠠᠰᠠᠮᠠᠯ ᠵᠠᠮ ᠤᠨ ᠪᠢᠲᠡᠭᠦᠦ ᠡᠵᠡᠮᠰᠢᠯᠳᠦ ᠬᠠᠮᠢᠶᠠᠷᠣᠯᠳᠠ ᠶᠢᠨ ᠲᠣᠭᠤᠷᠢᠭ᠂ ᠬᠢᠯᠢ ᠶᠢᠨ ᠬᠤᠳᠠᠯᠳᠣᠭᠠᠨ ᠤ ᠲᠣᠭᠤᠷᠢᠭ᠂ ᠰᠤᠮᠤ᠂ ᠭᠠᠴᠠᠭ᠎ᠠ᠂ ᠵᠡᠭᠡᠯᠢ ᠭᠤᠳᠤᠮᠵᠢ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ᠂ ᠭᠤᠣᠯᠳᠠᠯᠭ᠎ᠠ ᠲᠠᠢ ᠬᠡᠰᠡᠭ ᠲᠤ ᠪᠥᠬᠦ ᠲᠠᠯ᠎ᠠ ᠪᠠᠷ ᠠᠷᠢᠭᠤᠳᠬᠠᠨ ᠤᠰᠠᠳᠬᠠᠬᠤ ᠶᠢ ᠭᠤᠣᠯᠳᠠᠯᠭ᠎ᠠ ᠲᠠᠢ ᠥᠷᠨᠢᠭᠦᠯᠦᠨ᠎ᠡ᠃
    ᠠᠪᠤᠷᠭᠤ ᠭᠦᠷᠪᠡᠯ ᠶᠡᠭᠡ ᠵᠡᠭᠡᠯᠢ ᠶᠢᠨ ᠪᠠᠶᠢᠰᠢᠩ ᠳᠣᠭᠤᠷᠢᠭ ᠤᠨ ᠠᠨ ᠱᠦᠨ ᠭᠤᠳᠤᠮᠵᠢ ᠳᠤ᠂ ᠲᠤᠰᠬᠠᠢ ᠮᠡᠷᠭᠡᠵᠢᠯ ᠤᠨ ᠠᠷᠢᠭᠤᠳᠬᠠᠵᠦ ᠠᠷᠢᠯᠭᠠᠬᠤ ᠺᠣᠮᠫᠠᠨᠢ ᠶᠢᠨ ᠠᠵᠢᠯᠲᠠᠳ ᠬᠠᠮᠠᠭᠠᠯᠠᠯᠲᠠ ᠶᠢᠨ ᠬᠤᠪᠴᠠᠰᠤ ᠡᠮᠦᠰᠴᠦ᠂ ᠬᠠᠮᠠᠭᠠᠯᠠᠯᠲᠠ ᠶᠢᠨ ᠪᠠᠭ ᠵᠡᠭᠦᠵᠦ᠂ ᠠᠷᠢᠭᠤᠳᠬᠠᠨ ᠠᠷᠢᠯᠭᠠᠬᠤ ᠡᠮ ᠤᠨ ᠬᠠᠷᠢᠴᠠᠯ ᠢ ᠴᠢᠩᠭ᠎ᠠ ᠵᠢᠷᠤᠮᠯᠠᠵᠤ᠂ ᠠᠷᠢᠭᠤᠳᠬᠠᠨ ᠣᠰᠠᠳᠬᠠᠬᠤ ᠡᠮ ᠨᠠᠶᠢᠷᠠᠭᠤᠯᠤᠭᠰᠠᠨ ᠤ ᠳᠠᠷᠠᠭ᠎ᠠ᠂ ᠭᠠᠷ ᠲᠠᠭᠠᠨ ᠠᠯᠠᠵᠤ ᠬᠢᠳᠤᠬᠤ ᠪᠠᠭᠠᠵᠢ ᠪᠠᠷ ᠪᠠᠶᠢᠰᠢᠩ ᠤᠨ ᠨᠡᠶᠢᠲᠡ ᠶᠢᠨ ᠵᠣᠷᠯᠣᠩ᠂ ᠪᠣᠬᠢᠷ ᠣᠰᠣᠨ ᠤ ᠬᠤᠳᠳᠤᠭ᠂ ᠠᠮᠢᠳᠤᠷᠠᠯ ᠤᠨ ᠬᠤᠭ ᠨᠣᠪᠰᠢ ᠶᠢ ᠪᠠᠭᠠᠰᠬᠠᠬᠤ ᠦᠷᠳᠡᠭᠡ ᠶᠢ ᠪᠦᠬᠦ ᠲᠠᠯ᠎ᠠ ᠪᠠᠷ ᠤᠰᠠᠳᠬᠠᠪᠠ᠃ ᠤᠰᠠᠳᠬᠠᠬᠤ ᠶᠠᠪᠤᠴᠠ ᠳᠤ᠂ ᠲᠤᠰᠬᠠᠢ ᠮᠡᠷᠭᠡᠵᠢᠯ ᠤᠨ ᠪᠣᠯᠪᠠᠰᠤᠷᠠᠯ ᠭᠥᠷᠳᠡᠭᠰᠡᠨ ᠠᠵᠢᠯᠲᠠᠨ ᠰᠢᠨᠵᠢᠯᠡᠬᠦ ᠤᠬᠠᠭᠠᠨᠴᠢ ᠪᠠᠷ᠂ ᠨᠠᠷᠢᠯᠢᠭ ᠣᠨᠣᠴᠠᠲᠠᠢ᠂ ᠵᠢᠷᠤᠮᠵᠢᠯ ᠲᠠᠢ ᠠᠵᠢᠯᠯᠠᠵᠤ᠂ ᠥᠨᠴᠥᠭ ᠪᠤᠯᠤᠩ ᠪᠦᠬᠦᠨ  ᠢ ᠵᠦᠭᠡᠷ ᠲᠠᠯᠪᠢᠬᠤ ᠦᠭᠡᠢ᠂ ᠸᠢᠷᠦ᠋ᠰ ᠪᠠ ᠪᠠᠺᠲ᠋ᠧᠷᠢ ᠶᠢᠨ ᠦᠷᠡᠵᠢᠨ ᠳᠡᠯᠭᠡᠷᠡᠬᠦ ᠣᠷᠣᠨ ᠵᠠᠢ ᠣᠯᠭᠤᠬᠤ ᠦᠭᠡᠢ ᠪᠠᠶᠢᠵᠤ᠂ ᠬᠠᠯᠳᠠᠪᠤᠷᠢᠯᠠᠬᠤ ᠠᠷᠭ᠎ᠠ ᠵᠠᠮ   ᠢ ᠲᠠᠰᠤᠯᠵᠤ᠂ ᠬᠤᠲᠠ ᠶᠢᠨ ᠠᠷᠠᠳ ᠤᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠣᠯᠠᠪᠠ᠃
   ᠡᠯ᠎ᠡ ᠰᠠᠭᠤᠭᠠᠯᠢ ᠠᠷᠠᠳ ᠤᠨ ᠲᠣᠭᠤᠷᠢᠭ ᠲᠤ᠂ ᠳᠠᠭᠠᠭᠠᠴᠢᠯᠠᠨ ᠬᠠᠷᠢᠭᠤᠴᠠᠭᠰᠠᠨ ᠨᠢᠭᠡᠴᠡ ᠶᠢᠨ ᠠᠵᠢᠯᠲᠠᠳ ᠬᠠᠮᠠᠭᠠᠯᠠᠯᠲᠠ ᠶᠢᠨ ᠬᠤᠪᠴᠠᠰᠤ ᠪᠠᠨ ᠡᠮᠦᠰᠴᠦ᠂ ᠭᠠᠷ ᠲᠠᠭᠠᠨ ᠳᠡᠪᠦᠷ᠎ᠡ ᠵᠡᠷᠭᠡ ᠲᠥᠬᠦᠭᠡᠷᠦᠮᠵᠢ ᠪᠠᠷᠢᠵᠤ᠂ ᠾᠯᠣᠷ ᠠᠭᠤᠯᠤᠭᠰᠠᠨ ᠠᠷᠢᠭᠤᠳᠬᠠᠬᠤ ᠰᠢᠩᠭᠡᠨ ᠪᠤᠶᠤ 75% ᠶᠢᠨ ᠰᠫᠢᠷᠲ ᠢ ᠬᠡᠷᠡᠭᠯᠡᠨ᠂ ᠠᠰᠠᠷ ᠤᠨ ᠬᠤᠩᠭᠢᠯ ᠵᠢᠴᠢ ᠨᠢᠭᠡᠴᠡ ᠶᠢᠨ ᠡᠭᠦᠳᠡ᠂ ᠡᠷᠦᠬᠡ ᠳᠤ ᠣᠷᠣᠬᠤ ᠡᠭᠦᠳᠡ᠂ ᠴᠠᠬᠢᠯᠭᠠᠨ ᠱᠠᠲᠤ᠂ ᠭᠡᠷᠡᠯᠲᠦᠭᠦᠯᠭᠡ ᠶᠢᠨ ᠨᠡᠭᠡᠭᠡᠯᠭᠡ᠂ ᠱᠠᠲᠤᠨ ᠤ ᠲᠦᠰᠢᠭᠦᠷ᠂ ᠬᠤᠭ ᠤᠨ ᠰᠠᠪᠠ ᠵᠡᠷᠭᠡ ᠶᠢ ᠰᠠᠭᠤᠭᠠᠯᠢ ᠠᠷᠠᠳ ᠤᠨ ᠲᠣᠭᠤᠷᠢᠭ ᠢ ᠪᠥᠬᠦ ᠲᠠᠯ᠎ᠠ ᠪᠠᠷ ᠠᠷᠢᠭᠤᠳᠬᠠᠪᠠ᠃    ᠡᠭᠦᠨ ᠤ ᠬᠠᠮᠲᠤ᠂ ᠠᠷᠢᠭᠤᠳᠬᠠᠬᠤ ᠺᠣᠮᠫᠠᠨᠢ ᠠᠴᠠ ᠪᠠᠰᠠ ᠬᠤᠶᠠᠷ ᠪᠠᠭ᠎ᠠ ᠬᠡᠯᠪᠡᠷᠢ ᠶᠢᠨ ᠠᠷᠢᠭᠤᠳᠬᠠᠬᠤ ᠲᠡᠷᠭᠡ ᠲᠣᠮᠢᠯᠠᠵᠤ᠂ ᠪᠦᠬᠦ ᠬᠤᠳᠠ ᠶᠢᠨ ᠡᠯ᠎ᠡ ᠵᠡᠭᠡᠯᠢ ᠭᠤᠳᠤᠮᠵᠢ ᠶᠢᠨ ᠬᠤᠭ ᠨᠣᠪᠰᠢ ᠶᠢᠨ ᠬᠠᠶᠢᠷᠴᠠᠭ ᠢ ᠪᠦᠬᠦ ᠲᠠᠯ᠎ᠠ ᠪᠠᠷ ᠤᠰᠠᠳᠬᠠᠪᠠ᠃    ᠲᠠᠷᠠᠭᠠᠴᠢ ᠶᠢᠨ ᠠᠯᠬᠤᠮ ᠳᠤ᠂ ᠬᠤᠲᠠ ᠶᠢᠨ ᠠᠷᠢᠭᠤᠳᠬᠠᠨ ᠤᠰᠠᠳᠬᠠᠬᠤ ᠳᠤᠭᠤᠶᠢᠯᠠᠩ ᠤᠨ ᠬᠢᠨ ᠦᠷᠭᠦᠯᠵᠢᠯᠡᠨ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦᠩᠬᠡᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠠᠷᠢᠭᠤᠳᠬᠠᠨ ᠤᠰᠠᠳᠬᠠᠬᠤ ᠠᠵᠢᠯ ᠢ ᠦᠷᠭᠦᠯᠵᠢᠯᠡᠨ ᠰᠢᠨᠵᠢᠯᠡᠬᠦ ᠤᠬᠠᠭᠠᠨᠴᠢ᠂ ᠵᠢᠷᠤᠮᠵᠢᠯ ᠲᠠᠢ᠂ ᠡᠮᠬᠢ ᠵᠢᠷᠤᠮ ᠲᠠᠢ ᠰᠠᠶᠢᠲᠤᠷ ᠬᠢᠵᠦ᠂ ᠸᠢᠷᠦ᠋ᠰ ᠤᠨ ᠬᠠᠯᠳᠠᠪᠤᠷᠢᠯᠠᠬᠤ ᠠᠷᠭ᠎ᠠ ᠵᠠᠮ ᠢ ᠲᠠᠰᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠨ ᠴᠣᠬᠢᠬᠤ ᠲᠡᠶᠢᠨ ᠤ ᠢᠯᠠᠯᠲᠠ ᠶᠢ ᠣᠯᠬᠤ ᠳᠤ ᠬᠦᠴᠦᠲᠡᠢ ᠪᠠᠲᠤᠯᠠᠭ᠎ᠠ ᠬᠠᠩᠭᠠᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号