︽ᠰᠡᠳᠬᠢᠯ ᠨᠢᠭᠡᠳᠦᠨ ᠬᠢᠵᠢᠭ ᠤᠨ ᠪᠠᠶᠢᠳᠠᠯ ᠢ ᠡᠰᠡᠷᠭᠦᠴᠡᠬᠦ︾ ᠳᠤᠮᠳᠠᠳᠤ ᠮᠣᠩᠭᠤᠯ ᠬᠤᠶᠠᠷ ᠤᠯᠤᠰ ᠤᠨ ᠪᠣᠭᠤᠮᠲᠠ ᠳᠤ ᠤᠯᠤᠰ ᠠᠯᠤᠰᠯᠠᠭᠰᠠᠨ ᠠᠮᠢ ᠨᠠᠰᠤᠨ ᠤ ︽ᠬᠦᠴᠦᠨ ᠵᠠᠯᠭᠠᠯᠳᠠ︾ ᠬᠢᠪᠡ
ᠨᠡᠶᠢᠲᠡᠯᠡᠭᠰᠡᠨ ᠴᠠᠭ᠄
2022/8/29
    8 ᠰᠠᠷ᠎ᠠ ᠶᠢᠨ 26 ᠤ ᠡᠳᠦᠷ᠂ ᠳᠤᠮᠳᠠᠳᠤ ᠮᠣᠩᠭᠤᠯ ᠤᠨ ᠬᠠᠮᠤᠭ ᠤᠨ ᠶᠡᠭᠡ ᠬᠠᠭᠤᠷᠠᠢ ᠵᠠᠮ ᠤᠨ ᠪᠣᠭᠤᠮᠲᠠ ᠳᠤ ᠰᠠᠭᠤᠭ᠎ᠠ ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠨᠢ ᠳᠤᠮᠳᠠᠳᠤ ᠮᠣᠩᠭᠤᠯ ᠬᠤᠶᠠᠷ ᠤᠯᠤᠰ ᠤᠨ ᠬᠤᠭᠤᠷᠣᠨᠳᠤ ︽ᠠᠮᠢ ᠨᠠᠰᠤᠨ ᠤ ᠠᠪᠤᠷᠠᠨ ᠲᠤᠰᠠᠯᠠᠯᠲᠠ ᠶᠢᠨ ᠰᠠᠭᠠᠳ ᠦᠭᠡᠢ ᠵᠠᠮ︾ ᠢ ᠲᠦᠷᠭᠡᠨ ᠪᠠᠶᠢᠭᠤᠯᠵᠤ᠂ ᠰᠢᠷᠬᠠᠲᠤᠭᠰᠠᠨ ᠢᠷᠭᠡᠨ ᠢ ᠳᠠᠷᠣᠢ ᠲᠦᠷᠭᠡᠨ ᠪᠣᠭᠤᠮᠲᠠ ᠪᠠᠷ ᠬᠢᠯᠢ ᠳᠤ ᠣᠷᠣᠭᠤᠯᠵᠤ᠂ ᠴᠠᠭ ᠲᠤᠬᠠᠢ ᠳᠤᠨᠢ ᠡᠮᠨᠡᠯᠭᠡ ᠳᠤ ᠬᠦᠷᠭᠡᠵᠦ ᠠᠪᠤᠷᠠᠯᠳᠠ ᠬᠢᠯᠭᠡᠪᠡ᠃
     8 ᠰᠠᠷ᠎ᠠ ᠶᠢᠨ 25 ᠤ ᠡᠳᠦᠷ ᠤᠨ 18 ᠴᠠᠭ ᠲᠤ᠂ ᠲᠣᠰ ᠥᠷᠲᠡᠭᠡ᠂ ᠳᠤᠮᠳᠠᠳᠤ ᠤᠯᠤᠰ ᠤᠨ ᠬᠠᠷᠢᠶ᠎ᠠ ᠲᠠᠢ ᠨᠢᠭᠡ ᠢᠷᠭᠡᠨ ᠮᠣᠩᠭᠤᠯ ᠤᠯᠤᠰ ᠲᠤ ᠠᠵᠢᠯᠯᠠᠵᠤ ᠪᠠᠶᠢᠬᠤ ᠬᠤᠭᠤᠴᠠᠭᠠᠨ ᠳᠠᠭᠠᠨ ᠰᠢᠲᠠᠭᠳᠠᠵᠤ᠂ ᠤᠯᠤᠰ ᠲᠠᠭᠠᠨ ᠪᠤᠴᠠᠵᠤ ᠡᠮᠨᠡᠭᠦᠯᠬᠦ ᠴᠢᠬᠤᠯᠠᠲᠠᠢ ᠪᠣᠯᠪᠠ᠂ ᠣᠲᠣ ᠶᠠᠭ ᠲᠦᠷᠭᠡᠨ ᠠᠪᠤᠷᠠᠯᠳᠠ ᠶᠢᠨ ᠲᠡᠷᠭᠡᠨ ᠳᠤ ᠰᠠᠭᠤᠵᠤ ᠮᠣᠩᠭᠤᠯ ᠤᠯᠤᠰ ᠤᠨ ᠤᠯᠠᠭᠠᠨᠪᠠᠭᠠᠲᠤᠷ ᠬᠤᠲᠠ ᠠᠴᠠ ᠤᠯᠤᠰ ᠲᠠᠭᠠᠨ ᠪᠠᠴᠢᠮ ᠪᠤᠴᠠᠵᠤ ᠪᠠᠶᠢᠨ᠎ᠠ᠂ ᠵᠢᠱᠢᠯᠲᠡ ᠪᠠᠷ 26 ᠤ ᠡᠳᠦᠷ ᠤᠨ ᠦᠳᠡ ᠳᠤ ᠡᠷᠢᠶᠡᠨ ᠬᠤᠲᠠ ᠶᠢᠨ ᠪᠣᠭᠤᠮᠲᠠ ᠳᠤ ᠬᠦᠷᠬᠦ ᠪᠣᠯᠣᠨ᠎ᠠ᠂ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠠᠴᠠ ᠪᠣᠭᠤᠮᠲᠠ ᠪᠠᠷ ᠥᠩᠭᠡᠷᠡᠬᠦ ᠳᠤ ᠲᠥᠬᠦᠮ ᠦᠵᠡᠭᠦᠯᠬᠦ ᠶᠢ ᠬᠦᠰᠡᠵᠦ ᠪᠠᠶᠢᠨ᠎ᠠ ᠭᠡᠰᠡᠨ ᠮᠡᠳᠡᠭᠳᠡᠯ ᠣᠯᠪᠠ᠃
  ᠡᠨᠡ ᠬᠦ ᠪᠠᠶᠢᠳᠠᠯ ᠢ ᠮᠡᠳᠡᠭᠰᠡᠨ ᠤ ᠳᠠᠷᠠᠭ᠎ᠠ᠂ ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠠᠴᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠳᠠᠷᠤᠶᠢᠬᠠᠨ ᠡᠬᠢᠯᠡᠭᠦᠯᠬᠦ ᠶᠢᠨ ᠬᠠᠮᠲᠤ᠂ ᠪᠣᠭᠤᠮᠲᠠ ᠶᠢᠨ ᠬᠢᠵᠢᠭ ᠤᠨ ᠪᠠᠶᠢᠳᠠᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠠᠵᠢᠯ ᠤᠨ ᠲᠣᠭᠲᠠᠴᠠ ᠶᠢ ᠦᠨᠳᠦᠰᠦᠯᠡᠨ᠂ ᠲᠡᠷᠡ ᠳᠠᠷᠤᠢ ᠳᠤᠨᠢ ᠮᠣᠩᠭᠤᠯ ᠤᠯᠤᠰ ᠤᠨ ᠵᠠᠮ ᠤᠨ ᠡᠭᠦᠳᠡ ᠪᠣᠭᠤᠮᠲᠠ ᠶᠢᠨ ᠬᠢᠯᠢ ᠶᠢᠨ ᠪᠠᠶᠢᠴᠠᠭᠠᠯᠲᠠ ᠶᠢᠨ ᠰᠠᠯᠠᠭ᠎ᠠ ᠮᠥᠴᠢᠷ ᠲᠠᠢ ᠬᠠᠷᠢᠯᠴᠠᠵᠤ᠂ ᠪᠣᠭᠤᠮᠲᠠ ᠪᠠᠷ ᠲᠦᠷᠭᠡᠨ ᠥᠩᠭᠡᠷᠡᠬᠦ ᠭᠠᠷᠳᠠᠮ ᠢ ᠭᠦᠢᠴᠡᠳᠬᠡᠬᠦ ᠶᠠᠪᠤᠳᠠᠯ ᠢ ᠵᠣᠬᠢᠴᠠᠭᠤᠯᠬᠤ ᠶᠢᠨ ᠬᠠᠮᠲᠤ᠂ ᠪᠣᠭᠤᠮᠲᠠ ᠶᠢᠨ ᠬᠠᠮᠲᠤᠷᠠᠨ ᠪᠠᠶᠢᠴᠠᠭᠠᠬᠤ ᠨᠢᠭᠡᠴᠡ ᠪᠣᠯᠣᠨ ᠳᠤᠮᠳᠠᠳᠤ ᠶᠢᠨ ᠲᠠᠯ᠎ᠠ ᠶᠢᠨ ᠠᠪᠤᠷᠠᠨ ᠲᠤᠰᠠᠯᠠᠬᠤ ᠠᠵᠢᠯᠲᠠᠳ ᠲᠠᠢ ᠬᠠᠮᠤᠭ ᠤᠷᠤᠭᠰᠢᠲᠠᠢ᠂ ᠬᠠᠮᠤᠭ ᠳᠦᠷᠭᠡᠨ ᠢᠶᠠᠷ ᠪᠣᠭᠤᠮᠲᠠ ᠪᠠᠷ ᠥᠩᠭᠡᠷᠡᠬᠦ ᠲᠥᠰᠥᠯ ᠢ ᠬᠠᠮᠲᠤ ᠪᠠᠷ ᠵᠥᠪᠳᠡᠯᠴᠡᠨ ᠳᠣᠭᠳᠠᠭᠠᠵᠦ᠂ ᠲᠤᠬᠠᠢ ᠶᠢᠨ ᠡᠳᠦᠷ ᠤᠨ 22 ᠴᠠᠭ ᠲᠤ᠂ ᠳᠤᠮᠳᠠᠳᠤ ᠮᠣᠩᠭᠤᠯ ᠤᠨ ︽ᠠᠮᠢ ᠨᠠᠰᠤᠨ ᠤ ᠠᠪᠤᠷᠠᠨ ᠲᠤᠰᠠᠯᠠᠬᠤ ᠰᠠᠭᠠᠳ ᠦᠭᠡᠢ ᠵᠠᠮ︾ ᠢ ᠨᠢᠭᠡᠨᠲᠡ ᠪᠡᠯᠡᠳᠬᠡᠵᠦ ᠳᠠᠭᠤᠰᠬᠠᠪᠠ᠃
    26 ᠤ ᠡᠳᠦᠷ ᠤᠨ 15 ᠴᠠᠭ ᠲᠤ᠂ ᠮᠣᠩᠭᠤᠯ ᠤᠯᠤᠰ ᠤᠨ ᠲᠦᠷᠭᠡᠨ ᠠᠪᠤᠷᠠᠯᠳᠠ   ᠶᠢᠨ ᠲᠡᠷᠭᠡ ᠤᠷᠢᠳᠴᠢᠯᠠᠨ ᠲᠣᠭᠲᠠᠭᠰᠠᠨ ᠭᠠᠵᠠᠷ ᠲᠤ ᠬᠦᠷᠴᠦ᠂ ᠳᠤᠮᠳᠠᠳᠤ ᠮᠣᠩᠭᠤᠯ ᠬᠤᠶᠠᠷ ᠲᠠᠯ᠎ᠠ   ᠶᠢᠨ ᠠᠪᠤᠷᠠᠨ ᠲᠤᠰᠠᠯᠠᠬᠤ ᠬᠥᠮᠥᠰ ᠲᠤᠬᠠᠢ  ᠶᠢᠨ ᠲᠠᠯᠠᠪᠤᠷ ᠲᠤ ᠬᠦᠷᠴᠦ᠂ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠬᠠᠮᠲᠤ ᠳᠤᠨᠢ ᠬᠢᠯᠢ ᠳᠤ ᠣᠷᠣᠬᠤ ᠭᠠᠷᠳᠠᠮ ᠢ ᠭᠦᠢᠴᠡᠳᠬᠡᠵᠡᠢ᠃ 15 ᠴᠠᠭ 08 ᠮᠢᠨᠦ᠋ᠲ ᠲᠤ᠂ ᠰᠢᠷᠬᠠᠲᠤᠭᠰᠠᠨ ᠢᠷᠭᠡᠨ ᠪᠣᠯᠣᠨ ᠰᠤᠪᠢᠯᠠᠭᠴᠢ ᠳᠤ ᠪᠣᠭᠤᠮᠲᠠ ᠥᠩᠭᠡᠷᠡᠬᠦ ᠭᠠᠷᠳᠠᠮ ᠢ ᠪᠦᠷᠢᠨ ᠭᠦᠢᠴᠡᠳᠬᠡᠨ ᠥᠭᠴᠦ᠂ 8 ᠮᠢᠨᠦ᠋ᠲ ᠤᠨ ᠴᠠᠭ ᠢ ᠬᠡᠷᠡᠭᠯᠡᠵᠦ ᠪᠠᠶᠢᠭᠠᠳ ᠨᠢᠭᠡ ᠤᠳᠠᠭᠠᠨ ᠤ ᠤᠯᠤᠰ ᠠᠯᠤᠰᠯᠠᠭᠰᠠᠨ ᠠᠮᠢ ᠨᠠᠰᠤᠨ ᠤ ᠬᠦᠴᠦᠨ ᠵᠠᠯᠭᠠᠯᠳᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠰᠢᠷᠬᠠᠲᠤᠭᠰᠠᠨ ᠢᠷᠭᠡᠨ ᠳᠤ ᠡᠷᠬᠢᠮ ᠨᠠᠨᠳᠢᠨ ᠠᠪᠤᠷᠠᠨ ᠲᠤᠰᠠᠯᠠᠬᠤ ᠴᠠᠭ ᠢ ᠣᠯᠭᠤᠭᠰᠠᠨ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号