| ᠬᠢᠵᠢᠭ ᠤᠨ ᠬᠠᠯᠳᠠᠪᠤᠷᠢᠯᠠᠬᠤ ᠬᠡᠯᠬᠢᠶ᠎ᠡ ᠶᠢ ᠪᠥᠬᠦ ᠬᠦᠴᠦᠨ ᠢᠶᠠᠷ ᠢᠶᠠᠨ ᠲᠠᠰᠤᠯᠬᠤ ᠶᠢᠨ ᠳᠣᠯᠠᠳᠠ᠂ 8 | ᠰᠠᠷ᠎ᠠ ᠶᠢᠨ 29 ᠤ ᠡᠳᠦᠷ᠂ ᠮᠠᠨ ᠤ ᠬᠤᠲᠠ ᠰᠢᠨ᠎ᠡ ᠨᠢᠭᠡ ᠡᠭᠡᠯᠵᠢ ᠶᠢᠨ ᠣᠷᠣᠨ ᠬᠡᠪᠴᠢᠶᠡᠨ ᠤ ᠪᠥᠭᠡᠮ | ᠬᠦᠴᠢᠯ ᠤᠨ ᠪᠠᠶᠢᠴᠠᠭᠠᠨ ᠬᠡᠮᠵᠢᠯᠲᠡ ᠶᠢ ᠥᠨᠳᠥᠷ ᠪᠦᠲᠦᠮᠵᠢᠲᠡᠶ ᠡᠷᠴᠢᠮᠳᠠᠢ ᠶᠠᠪᠣᠭᠳᠠᠭᠤᠯᠪᠠ᠃ | | ᠥᠷᠯᠥᠭᠡ ᠶᠢᠨ ᠵᠢᠷᠭᠤᠭᠠᠨ ᠴᠠᠭ ᠲᠤ᠂ ᠡᠯ᠎ᠡ ᠪᠥᠭᠡᠮ ᠬᠦᠴᠢᠯ ᠤᠨ ᠥᠯᠢᠭᠡᠷ ᠠᠪᠬᠤ ᠴᠡᠭ ᠲᠤ ᠲᠣᠭᠲᠠᠭᠰᠠᠨ | ᠴᠠᠭ ᠲᠠᠭᠠᠨ ᠪᠥᠭᠡᠮ ᠬᠦᠴᠢᠯ ᠤᠨ ᠰᠢᠯᠭᠠᠨ ᠪᠠᠶᠢᠴᠠᠭᠠᠵᠤ ᠥᠯᠢᠭᠡᠷ ᠠᠪᠬᠤ ᠠᠵᠢᠯ ᠢ ᠥᠷᠨᠢᠭᠦᠯᠦᠨ᠎ᠡ᠃ | ᠥᠴᠥᠭᠡᠳᠦᠷ ᠤᠨ ᠨᠢᠭᠡ ᠤᠳᠠᠭᠠᠨ ᠤ ᠨᠠᠮᠤᠷ ᠤᠨ ᠪᠣᠷᠣᠭᠠᠨ ᠨᠢ ᠬᠢᠯᠢ ᠶᠢᠨ ᠪᠣᠭᠤᠮᠲᠠ ᠶᠢᠨ ᠬᠢᠨ ᠳᠤ ︽ᠨᠢᠭᠡ | ᠤᠳᠠᠭᠠᠨ ᠤ ᠨᠠᠮᠤᠷ ᠤᠨ ᠪᠣᠷᠣᠭᠠᠨ ᠨᠢᠭᠡ ᠤᠳᠠᠭᠠᠨ ᠤ ᠰᠡᠷᠢᠭᠦᠴᠡᠬᠦ︾ ᠪᠠᠶᠢᠳᠠᠯ ᠢ ᠤᠭᠲᠤᠨ ᠠᠪᠴᠢᠷᠠᠪᠠ᠃ | ᠰᠤᠷᠪᠤᠯᠵᠢᠯᠠᠭᠴᠢ ᠰᠤᠷᠪᠤᠯᠵᠢᠯᠠᠬᠤ ᠳᠤᠮᠳᠠ ᠪᠠᠨ᠂ ᠡᠮᠴᠢ ᠰᠤᠪᠢᠯᠠᠭᠴᠢᠳ᠂ ᠨᠡᠶᠢᠭᠡᠮ ᠲᠣᠭᠤᠷᠢᠭ ᠤᠨ ᠴᠢᠮᠡᠭᠡ | ᠬᠤᠯᠪᠣᠭᠠᠨ ᠤ ᠠᠵᠢᠯᠲᠠᠨ᠂ ᠳᠠᠭᠠᠭᠠᠴᠢᠯᠠᠨ ᠬᠠᠷᠢᠭᠤᠴᠠᠭᠰᠠᠨ ᠨᠢᠭᠡᠴᠡ ᠶᠢᠨ ᠠᠵᠢᠯᠲᠠᠳ ᠠᠯᠢ ᠬᠡᠳᠦᠶᠢᠨ ᠪᠡᠯᠡᠬᠡᠨ | ᠪᠣᠯᠣᠭᠠᠳ᠂ ᠨᠠᠮᠤᠷ ᠤᠨ ᠬᠠᠬᠢᠷ ᠬᠦᠢᠲᠡᠨ ᠳᠤ ᠥᠴᠥᠬᠡᠨ ᠴᠦ ᠨᠥᠯᠥᠭᠡᠯᠡᠭᠳᠡᠭᠰᠡᠨ ᠦᠭᠡᠢ᠃ ᠣᠯᠠᠨ ᠢᠶᠠᠷ ᠢᠶᠠᠨ | ᠤᠷᠢᠳᠴᠢᠯᠠᠨ ᠣᠷᠣᠨ ᠪᠠᠶᠢᠷᠢ ᠳᠠᠭᠠᠨ ᠣᠷᠣᠵᠤ᠂ ᠠᠵᠢᠯ ᠤᠨ ᠬᠤᠪᠢᠶᠠᠷᠢᠯᠠᠯ ᠲᠣᠳᠣᠷᠬᠠᠢ ᠪᠠᠶᠢᠵᠤ᠂ ᠰᠡᠳᠬᠢᠯ | ᠰᠠᠨᠠᠭ᠎ᠠ ᠪᠠᠨ ᠣᠯᠣᠯᠴᠠᠨ ᠬᠠᠮᠵᠢᠯᠴᠠᠵᠤ᠂ ᠪᠥᠭᠡᠮ ᠬᠦᠴᠢᠯ ᠤᠨ ᠥᠯᠢᠭᠡᠷ ᠠᠪᠬᠤ ᠠᠵᠢᠯ ᠢ ᠡᠮᠬᠢ ᠵᠢᠷᠤᠮ ᠲᠠᠢ | ᠲᠦᠯᠬᠢᠨ ᠠᠬᠢᠭᠤᠯᠵᠤ ᠲᠦᠷᠭᠡᠨ ᠪᠡᠶᠡᠯᠡᠭᠦᠯᠪᠡ᠃ | ᠥᠯᠢᠭᠡᠷ ᠠᠪᠬᠤ ᠶᠠᠪᠤᠴᠠ ᠳᠤ᠂ ᠰᠠᠭᠤᠭᠠᠯᠢ ᠠᠷᠠᠳ ᠢᠳᠡᠪᠬᠢᠲᠡᠢ ᠬᠠᠮᠵᠢᠯᠴᠠᠵᠤ᠂ ᠡᠮᠨᠡᠯᠭᠡ ᠶᠢᠨ | ᠠᠵᠢᠯᠲᠠᠳ ᠨᠠᠷᠢᠯᠢᠭ ᠣᠨᠣᠴᠠᠲᠠᠢ ᠪᠠᠷ ᠥᠨᠳᠥᠷ ᠪᠦᠲᠦᠮᠵᠢᠲᠡᠶ ᠪᠠᠷ ᠴᠤᠭᠯᠠᠭᠤᠯᠤᠨ᠎ᠠ᠃ ᠺᠣᠳ᠋ ᠰᠢᠷᠪᠢᠬᠦ | ᠳᠠᠩᠰᠠᠯᠠᠯᠲᠠ ᠶᠢᠨ ᠮᠡᠳᠡᠭᠡ ᠵᠠᠩᠭᠢ᠂ ᠠᠮᠠᠪᠴᠢ ᠶᠢ ᠠᠪᠴᠤ ᠬᠠᠶᠠᠬᠤ᠂ ᠵᠠᠯᠭᠢᠭᠤᠷ ᠤᠨ ᠠᠷᠴᠢᠭᠤᠷ ᠢᠶᠠᠷ ᠥᠯᠢᠭᠡᠷ | ᠠᠪᠬᠤ ᠠᠴᠠ ᠠᠪᠤᠭᠠᠳ ᠲᠦᠷᠭᠡᠨ ᠰᠠᠯᠬᠤ ᠬᠦᠷᠲᠡᠯ᠎ᠡ᠂ ᠠᠷᠪᠠᠨ ᠬᠡᠳᠦᠨ ᠰᠧᠺᠦ᠋ᠨ᠋ᠳ᠋ ᠲᠤ ᠳᠠᠷᠤᠢ ᠪᠡᠶᠡᠯᠡᠭᠦᠯᠵᠦ᠂ | ᠪᠦᠬᠦᠶᠢᠯᠡ ᠠᠵᠢᠯᠯᠠᠭᠠᠨ ᠤ ᠶᠠᠪᠤᠴᠠ ᠨᠢ ᠴᠢᠩᠭ᠎ᠠ ᠨᠢᠮᠪᠠᠢ᠂ ᠵᠢᠷᠤᠮᠵᠢᠯ ᠲᠠᠢ᠂ ᠡᠮᠬᠢ ᠵᠢᠷᠤᠮ ᠲᠠᠢ ᠪᠠᠶᠢᠳᠠᠭ᠃ | ᠥᠨᠳᠥᠷ ᠨᠠᠰᠤᠲᠠᠶᠢᠴᠤᠳ᠂ ᠬᠦᠭᠵᠢᠯ ᠤᠨ ᠪᠡᠷᠬᠡᠰᠢᠶᠡᠯᠳᠡᠨ ᠵᠡᠷᠭᠡ ᠣᠨᠴᠣᠭᠤᠢ ᠬᠦᠮᠦᠰ ᠲᠤ ᠴᠢᠭᠯᠡᠭᠦᠯᠦᠨ᠂ ᠭᠡᠷ | ᠲᠤᠨᠢ ᠬᠦᠷᠴᠦ ᠥᠯᠢᠭᠡᠷ ᠡᠳ᠋ ᠠᠪᠴᠤ᠂ ᠨᠢᠭᠡ ᠶᠢ ᠴᠦ ᠣᠷᠬᠢᠭᠳᠠᠭᠤᠯᠬᠤ ᠦᠭᠡᠢ ᠪᠠᠶᠢᠬᠤ ᠶᠢ ᠪᠠᠳᠣᠯᠠᠭᠰᠠᠨ ᠪᠠᠶᠢᠨ᠎ᠠ | ᠃ | ᠲᠤᠬᠠᠢ ᠶᠢᠨ ᠡᠳᠦᠷ ᠲᠤ ᠡᠬᠢᠯᠡᠭᠦᠯᠦᠭᠰᠡᠨ ᠳᠣᠯᠣᠳᠤᠭᠠᠷ ᠡᠭᠡᠯᠵᠢ ᠶᠢᠨ ᠣᠷᠣᠨ ᠪᠦᠰᠡ ᠶᠢᠨ ᠪᠥᠭᠡᠮ | ᠬᠦᠴᠢᠯ ᠤᠨ ᠪᠠᠶᠢᠴᠠᠭᠠᠨ ᠬᠡᠮᠵᠢᠯᠲᠡ ᠳᠤ᠂ 12 ᠴᠠᠭ ᠪᠣᠯᠲᠠᠯ᠎ᠠ ᠨᠢᠭᠡᠨᠲᠡ 64270 ᠬᠥᠮᠥᠨ ᠤ ᠥᠯᠢᠭᠡᠷ ᠡᠳ᠋ | ᠠᠪᠴᠤ᠂ ᠨᠢᠭᠡᠨᠲᠡ 61905 ᠬᠥᠮᠥᠨ ᠤ ᠪᠠᠶᠢᠴᠠᠭᠠᠨ ᠬᠡᠮᠵᠢᠯᠲᠡ ᠶᠢ ᠬᠦᠷᠭᠡᠵᠦ᠂ 18831 ᠬᠥᠮᠥᠨ ᠤ | ᠪᠠᠶᠢᠴᠠᠭᠠᠨ ᠬᠡᠮᠵᠢᠯᠲᠡ ᠶᠢ ᠪᠡᠶᠡᠯᠡᠭᠦᠯᠵᠡᠢ᠂ ᠡᠨᠡ ᠨᠢ ᠴᠥᠮ ᠪᠢᠯᠢᠭ ᠴᠢᠨᠠᠷᠲᠠᠢ ᠶᠤᠮ᠃ | |