ᠰᠣᠷᠭᠠᠭᠤᠯᠢ ᠴᠣᠭᠯᠠᠵᠦ᠂ ᠰᠦᠯᠵᠢᠶᠡᠨ ᠳᠡᠭᠡᠷ᠎ᠡ ᠰᠢᠨ᠎ᠡ ᠰᠤᠷᠤᠯᠭ᠎ᠠ ᠶᠢᠨ ᠬᠤᠭᠤᠴᠠᠭ᠎ᠠ ᠪᠠᠨ ᠡᠬᠢᠯᠡᠭᠦᠯᠪᠡ︕
ᠨᠡᠶᠢᠲᠡᠯᠡᠭᠰᠡᠨ ᠴᠠᠭ᠄
2022/8/30
 
    ᠰᠤᠷᠤᠯᠭ᠎ᠠ ᠡᠬᠢᠯᠡᠬᠦ ᠴᠠᠭ ᠨᠢᠭᠡᠨᠲᠡ ᠬᠦᠷᠴᠦ ᠢᠷᠡᠯ᠎ᠡ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠲᠠᠢ ᠤᠶᠠᠯᠳᠤᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠵᠢᠯ ᠳᠤ ᠦᠵᠡᠭᠦᠯᠬᠦ ᠬᠢᠵᠢᠭ ᠤᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢᠨ ᠳᠣᠯᠠᠳᠠ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠬᠠᠮᠤᠭ ᠤᠨ ᠲᠡᠷᠢᠭᠦᠨ ᠳᠤ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠬᠢᠴᠢᠶᠡᠯ  ᠵᠣᠭᠰᠣᠬᠤ ᠦᠭᠡᠢ  ᠪᠠᠶᠢᠳᠠᠯ ᠢ ᠪᠠᠲᠤᠯᠠᠪᠠ᠃
   8 ᠰᠠᠷ᠎ᠠ ᠶᠢᠨ 29 ᠤ ᠡᠳᠦᠷ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠤᠶᠠᠳᠤᠭᠠᠷ᠂ ᠭᠤᠷᠪᠠᠳᠤᠭᠠᠷ ᠣᠨ ᠤ ᠰᠤᠷᠤᠭᠴᠢᠳ ᠰᠢᠨ᠎ᠡ ᠰᠤᠷᠤᠯᠭ᠎ᠠ ᠶᠢᠨ ᠬᠤᠭᠤᠴᠠᠭ᠎ᠠ ᠪᠠᠨ ᠵᠢᠩᠬᠢᠨᠢ ᠪᠠᠷ ᠡᠬᠢᠯᠡᠭᠦᠯᠪᠡ᠃ ᠤᠯᠠᠨ ᠢᠶᠠᠷ ᠢᠶᠠᠨ ︽ᠣᠭᠲᠠᠷᠭᠤᠢ ᠶᠢᠨ ᠬᠢᠴᠢᠶᠡᠯ ᠤᠨ ᠲᠠᠩᠬᠢᠮ︾ ᠳᠤ ᠣᠷᠣᠵᠤ᠂ ᠠᠮᠠᠷᠠᠯᠲᠠ ᠶᠢᠨ ᠬᠤᠭᠤᠴᠠᠭ᠎ᠠ ᠠᠴᠠ ᠪᠠᠨ ᠰᠠᠯᠤᠭᠰᠠᠨ ᠪᠠᠭᠰᠢ᠂ ᠬᠠᠮᠲᠤ ᠰᠤᠷᠤᠭᠴᠢᠳ ᠲᠠᠢ ᠪᠠᠨ ᠰᠦᠯᠵᠢᠶᠡᠨ ᠳᠡᠭᠡᠷ᠎ᠡ ᠠᠭᠤᠯᠵᠠᠯᠳᠠ ᠬᠢᠪᠡ᠃ ᠡᠨᠡ ᠬᠦ ᠣᠨᠴᠠᠭᠠᠶ ᠴᠠᠭ ᠦᠶ᠎ᠡ ᠳᠤ᠂ ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ ᠨᠢ ︽ᠬᠢᠴᠢᠶᠡᠯ ᠤᠨ ᠭᠡᠷ︾   ᠠᠴᠠ ︽ᠡᠭᠦᠯᠡᠨ ᠳᠠᠩᠬᠢᠮ︾ ᠳᠤ ᠰᠢᠯᠵᠢᠭᠰᠡᠨ ᠪᠠᠶᠢᠨ᠎ᠠ᠃
   ᠥᠷᠯᠥᠭᠡ ᠶᠢᠨ ᠲᠤᠯᠤᠭᠠᠨ ᠴᠠᠭ ᠬᠠᠭᠠᠰ ᠲᠤ᠂ ᠰᠤᠷᠤᠭᠴᠢᠳ ᠪᠦᠷ ᠰᠤᠷᠤᠯᠭ᠎ᠠ ᠶᠢᠨ ᠬᠡᠷᠡᠭᠰᠡᠯ ᠢᠶᠠᠨ ᠪᠡᠯᠡᠳᠬᠡᠵᠦ᠂ ᠺᠣᠮᠫᠢᠦ᠋ᠲ᠋ᠧᠷ᠂ ᠲᠧᠯᠸᠢᠰ ᠪᠤᠶᠤ ᠭᠠᠷ ᠤᠲᠠᠰᠤ ᠵᠡᠷᠭᠡ ᠰᠤᠷᠤᠯᠴᠠᠯᠭ᠎ᠠ ᠶᠢᠨ ᠲᠠᠪᠴᠠᠩ ᠤᠨ ᠡᠮᠦᠨ᠎ᠡ ᠰᠠᠭᠤᠵᠤ᠂ ᠳᠡᠯᠭᠡᠴᠡᠨ ᠳᠠᠬᠢ ᠪᠠᠭᠰᠢ ᠶᠢᠨ ᠨᠠᠷᠢᠨ ᠲᠠᠶᠢᠯᠤᠮᠵᠢ ᠶᠢ ᠰᠡᠳᠬᠢᠯ ᠲᠠᠯᠪᠢᠨ ᠰᠣᠨᠣᠰᠴᠤ᠂ ᠬᠢᠴᠢᠶᠡᠯ ᠤᠨ ᠲᠡᠮᠳᠡᠭᠯᠡᠯ ᠢᠶᠠᠨ ᠨᠠᠷᠢᠨ ᠬᠢᠨᠠᠮᠠᠭᠠᠢ ᠬᠢᠨ᠎ᠡ᠃ ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ ᠳᠤ᠂ ᠪᠠᠭᠰᠢ ᠨᠢ ᠬᠤᠪᠢ ᠬᠥᠮᠥᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠳᠤ ᠠᠩᠬᠠᠷᠬᠤ ᠵᠦᠢᠯ ᠠᠴᠠ ᠡᠬᠢᠯᠡᠨ ᠶᠠᠷᠢᠵᠤ᠂ ᠨᠣᠮ ᠪᠢᠴᠢᠭ ᠳᠡᠭᠡᠷᠡᠬᠢ ᠮᠡᠳᠡᠯᠭᠡ ᠶᠢ ᠨᠡᠪᠲᠡᠷᠡᠲᠡᠯ᠎ᠡ ᠡᠵᠡᠮᠰᠢᠵᠦ᠂ ᠣᠨᠴᠠᠭᠠᠢ ᠴᠠᠭ ᠦᠶ᠎ᠡ ᠶᠢᠨ ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ ᠢ ᠭᠤᠶᠢᠳᠠ ᠰᠠᠶᠢᠬᠠᠨ ᠮᠥᠷᠲᠡᠭᠡᠨ ᠤᠳᠬ᠎ᠠ ᠠᠭᠤᠯᠭ᠎ᠠ ᠲᠠᠢ ᠪᠣᠯᠭᠠᠨ᠎ᠠ᠃     ᠰᠦᠯᠵᠢᠶᠡᠨ ᠤ ᠬᠢᠴᠢᠶᠡᠯ ᠤᠨ ᠰᠦᠯᠵᠢᠶᠡᠨ ᠤ ᠬᠤᠯᠪᠣᠯᠳᠠ ᠶᠢ ᠪᠠᠳᠣᠯᠠᠬᠤ ᠶᠢᠨ ᠳᠣᠯᠠᠳᠠ᠂ ᠡᠯ᠎ᠡ ᠰᠤᠷᠭᠠᠭᠤᠯᠢ ᠶᠢᠨ ︽ᠨᠢᠭᠡ ᠰᠤᠷᠭᠠᠭᠤᠯᠢ ᠨᠢᠭᠡ ᠬᠡᠷᠡᠭ︾ ᠨᠢ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢᠨ ᠬᠡᠷᠡᠭᠵᠢᠭᠦᠯᠦᠯᠲᠡ ᠶᠢᠨ ᠪᠣᠯᠣᠮᠵᠢᠲᠠᠢ ᠲᠥᠰᠥᠯ ᠢ ᠲᠣᠭᠲᠠᠭᠠᠵᠤ᠂ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢᠨ ᠬᠢᠴᠢᠶᠡᠯ ᠪᠡᠯᠡᠳᠬᠡᠬᠦ᠂ ᠬᠢᠴᠢᠶᠡᠯ ᠤᠨ ᠲᠠᠩᠬᠢᠮ ᠤᠨ ᠬᠠᠮᠢᠶᠠᠷᠤᠯᠲᠠ᠂ ᠬᠢᠴᠢᠶᠡᠯ ᠤᠨ ᠳᠠᠷᠠᠭᠠᠬᠢ ᠬᠠᠪᠰᠤᠷᠤᠨ ᠵᠢᠯᠣᠭᠤᠳᠤᠯᠭ᠎ᠠ᠂ ᠳᠠᠰᠬᠠᠯ ᠤᠨ ᠪᠠᠶᠢᠷᠢᠯᠠᠭᠤᠯᠤᠯᠲᠠ ᠪᠠ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠰᠤᠳᠤᠯᠭᠠᠨ ᠵᠡᠷᠭᠡ ᠲᠠᠯ᠎ᠠ ᠪᠠᠷ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠡᠯ᠎ᠡ ᠬᠢᠴᠢᠶᠡᠯ ᠤᠨ ᠪᠠᠭᠰᠢ ᠨᠠᠷ ᠬᠢᠴᠢᠶᠡᠯ ᠪᠠ ᠬᠢᠴᠢᠶᠡᠯ ᠤᠨ ᠴᠠᠭ ᠢᠶᠠᠨ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠷ ᠲᠣᠬᠢᠷᠠᠭᠤᠯᠵᠤ᠂ ᠬᠢᠴᠢᠶᠡᠯ ᠢᠶᠠᠨ ᠤᠷᠢᠳᠴᠢᠯᠠᠨ ᠪᠡᠯᠡᠳᠬᠡᠵᠦ᠂ ᠵᠢᠭᠠᠨ ᠰᠤᠷᠭᠠᠬᠤ ᠠᠭᠤᠯᠭ᠎ᠠ ᠪᠠᠨ ᠨᠠᠷᠢᠨ ᠨᠢᠮᠪᠠᠢ ᠲᠥᠯᠥᠪᠯᠡᠨ᠂ ᠵᠢᠭᠠᠨ ᠰᠤᠷᠭᠠᠬᠤ ᠶᠠᠰᠤ ᠴᠢᠨᠠᠷ ᠢᠶᠠᠨ  ᠪᠠᠳᠣᠯᠠᠪᠠ᠃ ᠡᠭᠦᠨ ᠠᠴᠠ ᠭᠠᠳᠠᠨ᠎ᠠ᠂ ᠰᠤᠷᠤᠯᠴᠠᠯᠭ᠎ᠠ ᠶᠢᠨ ᠪᠦᠯᠬᠦᠮ ᠪᠠᠶᠢᠭᠤᠯᠬᠤ ᠪᠠᠷ ᠳᠡᠮᠵᠢᠨ᠂ ᠪᠠᠭᠰᠢ ᠠᠴᠠ ᠰᠤᠷᠤᠭᠴᠢᠳ ᠤᠨ ᠰᠤᠷᠤᠯᠴᠠᠯᠭ᠎ᠠ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠰᠡᠵᠢᠭ ᠲᠠᠢ ᠵᠦᠢᠯ ᠳᠤ ᠰᠦᠯᠵᠢᠶ᠎ᠡ᠂ ᠳ᠋ᠢᠶᠠᠩᠬᠤᠸᠠ ᠵᠡᠷᠭᠡ ᠠᠷᠭ᠎ᠠ ᠮᠠᠶ᠋ᠢᠭ ᠢᠶᠠᠷ ᠬᠠᠷᠢᠭᠤᠯᠲᠠ ᠥᠭᠴᠦ᠂ ᠰᠤᠷᠤᠭᠴᠢᠳ ᠢ ᠭᠡᠷ ᠲᠡᠭᠡᠨ ᠵᠣᠭᠰᠣᠯ ᠦᠭᠡᠢ ᠰᠤᠷᠤᠯᠴᠠᠭᠤᠯᠵᠤ᠂ ᠬᠢᠴᠢᠶᠡᠯ ᠵᠣᠭᠰᠣᠬᠤ ᠦᠭᠡᠢ ᠪᠣᠯᠭᠠᠳᠠᠭ᠃    ᠣᠶᠢᠯᠠᠭᠠᠭᠰᠠᠨ ᠢᠶᠠᠷ᠂ ᠪᠠᠭᠰᠢ ᠰᠤᠷᠤᠭᠴᠢᠳ ᠤᠨ ᠡᠷᠡᠭᠦᠯ ᠴᠢᠭᠢᠷᠠᠭ ᠠᠮᠢᠳᠤᠷᠠᠯ᠂ ᠥᠨᠳᠥᠷ ᠪᠦᠲᠦᠮᠵᠢᠲᠡᠶ ᠰᠤᠷᠤᠯᠴᠠᠯᠭ᠎ᠠ ᠶᠢ ᠪᠠᠲᠤᠯᠠᠬᠤ ᠶᠢᠨ  ᠳᠣᠱᠠᠳᠠ᠂ ᠮᠠᠨ ᠤ ᠬᠤᠲᠠ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ᠪᠠᠭ᠎ᠠ ᠰᠤᠷᠭᠠᠭᠤᠯᠢ ᠶᠢᠨ ᠬᠢᠴᠢᠶᠡᠯ ᠪᠣᠯᠭᠠᠨ ᠳᠤ 20 ᠮᠢᠨᠦ᠋ᠲ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠴᠢᠶᠡᠯ ᠪᠣᠯᠭᠠᠨ ᠳᠤ 30 ᠮᠢᠨᠦ᠋ᠲ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠪᠠᠶᠢᠳᠠᠯ ᠢᠶᠠᠨ ᠦᠨᠳᠦᠰᠦᠯᠡᠨ ᠪᠡᠶ᠎ᠡ ᠪᠠᠨ ᠳᠠᠭᠠᠭᠠᠵᠤ ᠲᠣᠬᠢᠷᠠᠭᠤᠯᠤᠯᠲᠠ ᠬᠢᠨ᠎ᠡ᠃ ᠡᠳᠦᠷ ᠪᠦᠷᠢ ᠶᠢᠨ ᠦᠳᠡ ᠶᠢᠨ ᠬᠤᠶᠢᠨ᠎ᠠ ᠨᠢᠳᠦᠨ ᠤ ᠡᠷᠡᠭᠦᠯᠵᠢᠯ ᠤᠨ ᠲᠠᠮᠢᠷ ᠪᠠ ᠬᠢᠴᠢᠶᠡᠯ ᠤᠨ ᠵᠠᠪᠰᠠᠷᠯᠠᠭ᠎ᠠ ᠶᠢᠨ ᠲᠠᠮᠢᠷ ᠢ ᠲᠣᠬᠢᠷᠠᠭᠤᠯᠵᠤ᠂ ᠰᠤᠷᠤᠭᠴᠢᠳ ᠤᠨ ᠭᠡᠷ ᠲᠡᠭᠡᠨ ᠰᠠᠶᠢᠨ ᠬᠢᠴᠢᠶᠡᠯ ᠣᠷᠣᠬᠤ ᠮᠥᠷᠲᠡᠭᠡᠨ ᠪᠡᠶ᠎ᠡ ᠪᠠᠨ ᠪᠣᠯᠪᠠᠰᠤᠷᠠᠭᠤᠯᠬᠤ ᠶᠢ ᠪᠠᠲᠤᠯᠠᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号