| | 8 ᠰᠠᠷ᠎ᠠ ᠶᠢᠨ 3 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠶᠣᠣ ᠶᠥᠩ ᠪᠥᠸᠧ ᠬᠤᠲᠠ ᠶᠢᠨ | ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠪ᠂ ᠪᠣᠭᠤᠮᠲᠠ ᠶᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠤᠶᠠᠳᠤᠭᠠᠷ ᠳᠡᠰ ᠤᠨ ᠬᠢᠨᠠᠨ ᠡᠵᠡᠮᠳᠡᠬᠦ ᠲᠥᠪ ᠲᠤ ᠭᠦᠨᠵᠡᠭᠡᠶᠢᠷᠡᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠢᠨ ᠡᠷᠢᠶᠡᠨ | ᠬᠤᠲᠠ ᠶᠢᠨ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ | ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ ᠠᠯᠳᠠᠰᠢ ᠭᠠᠷᠬᠤ ᠶᠢ ᠰᠡᠷᠭᠡᠶᠢᠯᠡᠨ᠂ | ᠳᠦᠷᠢᠮ ᠢ ᠲᠡᠭᠦᠯᠳᠡᠷᠵᠢᠭᠦᠯᠵᠦ᠂ ᠲᠦᠷᠭᠡᠨ᠂ ᠴᠢᠩᠭ᠎ᠠ᠂ ᠨᠠᠷᠢᠯᠢᠭ᠂ ᠪᠣᠳᠠᠲᠠᠢ ᠱᠠᠭᠠᠷᠳᠠᠯᠭ᠎ᠠ ᠶᠣᠰᠣᠭᠠᠷ᠂ ︽ | ᠲᠠᠩᠰᠠ ᠲᠤᠰᠢᠶᠠᠬᠤ ᠤᠬᠠᠮᠰᠠᠷ︾ ᠢ ᠴᠢᠩᠭᠠᠷᠠᠭᠤᠯᠤᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ | ᠡᠳᠦᠷ ᠠᠴᠠ ᠡᠳᠦᠷ ᠴᠡᠭᠴᠡᠯᠡᠨ ᠰᠠᠶᠢᠵᠢᠷᠠᠭᠤᠯᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ | | | ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠶᠠᠳᠤᠭᠠᠷ ᠳᠡᠰ ᠤᠨ ᠬᠢᠨᠠᠨ ᠡᠵᠡᠮᠳᠡᠬᠦ | ᠲᠥᠪ ᠲᠤ᠂ ᠶᠣᠣ ᠶᠥᠩ ᠪᠥᠸᠧ ᠬᠢᠨᠠᠨ ᠡᠵᠡᠮᠳᠡᠬᠦ ᠶᠢ ᠦᠵᠡᠵᠦ᠂ ᠪᠠᠶᠢᠳᠠᠯ ᠢ ᠠᠰᠠᠭᠤᠵᠤ᠂ ᠬᠢᠵᠢᠭ ᠤᠨ | ᠪᠠᠶᠢᠳᠠᠯ ᠤᠨ ᠬᠤᠭᠤᠴᠠᠭᠠᠨ ᠳᠠᠬᠢ ᠵᠠᠰᠠᠮᠠᠯ ᠵᠠᠮ ᠤᠨ ᠪᠣᠭᠤᠮᠲᠠ ᠪᠠᠷ ᠥᠩᠭᠡᠷᠡᠬᠦ ᠴᠢᠳᠠᠪᠤᠷᠢ ᠵᠡᠷᠭᠡ ᠪᠠᠶᠢᠳᠠᠯ ᠢ ᠨᠠᠷᠢᠨ | ᠣᠶᠢᠯᠠᠭᠠᠪᠠ᠃ ᠲᠡᠷᠡ᠂ ᠪᠣᠭᠤᠮᠲᠠ ᠶᠢᠨ ᠰᠡᠷᠭᠡᠶᠢᠯᠡᠨ ᠡᠵᠡᠮᠳᠡᠬᠦ ᠪᠣᠯ ᠡᠷᠢᠶᠡᠨ ᠬᠤᠲᠠ ᠶᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠮᠥᠨ᠂ ᠥᠴᠥᠬᠡᠨ ᠴᠦ | ᠴᠠᠯᠠᠭᠠᠶᠢᠷᠠᠵᠤ ᠪᠣᠯᠬᠤ ᠦᠭᠡᠢ᠂ ᠲᠦᠭᠰᠢᠭᠦᠷᠢ ᠶᠢᠨ ᠴᠡᠭ ᠢ ᠴᠢᠩᠭ᠎ᠠ ᠠᠩᠬᠠᠷᠴᠤ᠂ ᠳᠤᠲᠠᠭᠤᠳᠠᠯ ᠢ ᠨᠥᠬᠦᠪᠦᠷᠢᠯᠡᠵᠦ᠂ | ᠠᠯᠳᠠᠰᠢ ᠭᠠᠷᠬᠤ ᠶᠢ ᠬᠤᠷᠢᠭᠯᠠᠵᠤ᠂ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠂ ᠬᠠᠷᠠᠭᠠᠨ ᠳᠠᠪᠲᠠᠮᠵᠢ ᠪᠠᠷ | ᠬᠢᠨᠠᠨ ᠡᠵᠡᠮᠳᠡᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠳᠤᠮᠳᠠᠳᠤ | ᠮᠣᠩᠭᠤᠯ ᠤᠨ ᠲᠡᠭ ᠺᠢᠯᠣᠮᠧᠲᠷ ᠤᠨ ᠳᠡᠭᠦᠵᠢᠯᠡᠨ ᠤᠭᠰᠠᠷᠠᠬᠤ ᠲᠠᠯᠠᠪᠠᠶ ᠶᠢᠨ ᠲᠤᠬᠠᠢ ᠶᠢᠨ ᠲᠠᠯᠠᠪᠤᠷ ᠤᠨ | ᠬᠠᠮᠢᠶᠠᠷᠤᠯᠲᠠ ᠶᠢ ᠴᠢᠩᠭᠠᠳᠬᠠᠵᠤ᠂ ᠬᠤᠶᠠᠷ ᠲᠠᠯ᠎ᠠ ᠶᠢᠨ ᠠᠵᠢᠯᠲᠠᠨ ᠤ ᠰᠢᠭᠤᠳ ᠣᠶᠢᠷᠠᠲᠤᠯᠴᠠᠬᠤ ᠠᠴᠠ | ᠵᠠᠶᠢᠯᠠᠰᠬᠢᠬᠦ ᠬᠡᠷᠡᠭᠲᠡᠢ᠃ ᠪᠣᠭᠤᠮᠲᠠ ᠶᠢᠨ ︽ᠪᠢᠲᠡᠭᠦᠦ ᠡᠵᠡᠮᠰᠢᠯᠳᠦ ᠬᠠᠮᠢᠶᠠᠷᠤᠯᠲᠠ︾ ᠶᠢᠨ ᠲᠣᠭᠲᠠᠭᠠᠯ ᠢ ᠴᠢᠩᠭ᠎ᠠ | ᠬᠡᠷᠡᠭᠵᠢᠭᠦᠯᠵᠦ᠂ ᠬᠢᠯᠢ ᠠᠯᠤᠰᠯᠠᠭᠰᠠᠨ ᠪᠠᠷᠠᠭᠠᠨ ᠤ ᠲᠡᠷᠭᠡ ᠶᠢᠨ ᠬᠢᠯᠢ ᠪᠠᠷ ᠣᠷᠣᠵᠤ ᠭᠠᠷᠬᠤ ᠬᠠᠤᠯᠢ ᠠᠴᠠ | ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ | ᠳᠠᠯᠳᠠ ᠲᠦᠭᠰᠢᠭᠦᠷᠢ ᠶᠢᠨ ᠬᠡᠯᠬᠢᠶ᠎ᠡ ᠶᠢ ᠴᠠᠭ ᠲᠤᠬᠠᠢ ᠳᠤᠨᠢ ᠲᠠᠰᠤᠯᠵᠤ᠂ ᠠᠷᠠᠳ ᠣᠯᠠᠨ ᠤ ᠪᠡᠶ᠎ᠡ ᠮᠠᠬᠠᠪᠤᠳ ᠤᠨ | ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠴᠢᠩᠭᠠᠳᠬᠠᠪᠠ᠃ | | | ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠪ ᠲᠤ᠂ ᠶᠣᠣ ᠶᠥᠩ ᠪᠥᠸᠧ ᠣᠷᠣ ᠳᠡᠪᠢᠰᠬᠡᠷ | ᠤᠨ ᠲᠤᠭ᠎ᠠ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠨᠠᠰᠤᠲᠠᠨ ᠢ ᠠᠰᠠᠷᠠᠨ ᠬᠠᠷᠠᠭᠠᠯᠵᠠᠬᠤ ᠦᠢᠯᠡᠴᠢᠯᠡᠭᠡ | ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠵᠡᠷᠭᠡ | ᠬᠥᠮᠥᠨ ᠣᠯᠠᠨ ᠴᠤᠭᠯᠠᠷᠠᠳᠠᠭ ᠲᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ | ᠠᠳᠬᠤᠵᠤ᠂ ᠶᠢᠰᠦᠳᠦᠭᠡᠷ ᠨᠢᠭᠤᠷ ᠤᠨ ᠰᠡᠷᠭᠡᠶᠢᠯᠡᠨ ᠡᠵᠡᠮᠳᠡᠬᠦ ᠲᠥᠰᠥᠯ ᠤᠨ ᠱᠠᠭᠠᠷᠳᠠᠯᠭ᠎ᠠ ᠶᠣᠰᠣᠭᠠᠷ᠂ ᠰᠢᠨᠵᠢᠯᠡᠬᠦ | ᠤᠬᠠᠭᠠᠨᠴᠢ ᠪᠠᠷ ᠨᠠᠷᠢᠯᠢᠭ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠶᠢ ᠪᠠᠷᠢᠮᠲᠠᠯᠠᠵᠤ᠂ ︽ᠥᠯᠥ ᠬᠠᠯᠳᠠᠪᠤᠷᠢᠯᠠᠬᠤ︾ | ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃ | | | ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢᠦ ᡁᠢ ᠫᠢᠩ᠂ | ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠸᠠᠩ ᠰᠠᠨ ᠱᠢ ᠪᠠᠶᠢᠴᠠᠭᠠᠨ | ᠰᠤᠳᠤᠯᠤᠯᠲᠠ ᠳᠤ ᠣᠷᠣᠯᠴᠠᠪᠠ᠃ | |