| | 8 ᠰᠠᠷ᠎ᠠ ᠶᠢᠨ 2 ᠤᠨ ᠡᠳᠦᠷ᠂ 26 ᠰᠢᠯᠭᠠᠭᠤᠯᠤᠭᠴᠢ ᠪᠥᠬᠦ ᠶᠠᠪᠤᠴᠠ ᠶᠢᠨ ᠪᠢᠲᠡᠭᠦᠦ ᠡᠵᠡᠮᠰᠢᠯᠳᠦ | ᠬᠠᠮᠢᠶᠠᠷᠤᠯᠲᠠ ᠶᠢᠨ ᠠᠷᠭ᠎ᠠ ᠮᠠᠶ᠋ᠢᠭ ᠢᠶᠠᠷ ᠲᠤᠰᠬᠠᠢ ᠲᠡᠷᠭᠡᠨ ᠳᠤ ᠰᠠᠭᠤᠵᠤ ᠡᠷᠢᠶᠡᠨ ᠬᠤᠲᠠ ᠠᠴᠠ ᠮᠣᠷᠳᠠᠵᠤ | ᠬᠥᠬᠡᠬᠤᠲᠠ᠂ ᠰᠢᠯᠢᠩᠬᠤᠲᠠ ᠳᠤ ᠬᠦᠷᠴᠦ᠂ 2022 ᠣᠨ ᠤ ᠪᠥᠬᠦ ᠤᠯᠤᠰ ᠤᠨ ᠨᠢᠭᠲᠠᠯᠠᠨ ᠪᠤᠳᠤᠬᠤ ᠬᠢᠷᠢ | ᠬᠡᠮ ᠤᠨ ᠰᠢᠯᠭᠠᠯᠲᠠ ᠳᠤ ᠣᠷᠣᠯᠴᠠᠭᠤᠯᠪᠠ᠃ ᠡᠨᠡ ᠪᠣᠯ ᠡᠷᠢᠶᠡᠨ ᠬᠤᠲᠠ ᠶᠢᠨ ᠰᠢᠯᠭᠠᠭᠤᠯᠤᠭᠴᠢ ᠶᠢᠨ ᠠᠮᠤᠷ | ᠲᠦᠪᠰᠢᠨ ᠢ ᠪᠠᠲᠤᠯᠠᠬᠤ᠂ ᠪᠦᠬᠦᠨ ᠢ ᠰᠢᠯᠭᠠᠯᠲᠠ ᠳᠤ ᠣᠷᠤᠯᠴᠠᠬᠤ ᠶᠢ ᠪᠠᠲᠤᠯᠠᠬᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠣᠯᠠᠨ ᠲᠦᠮᠡᠨ ᠤ ᠠᠰᠢᠭ ᠲᠤᠰᠠ ᠶᠢᠨ ᠬᠦᠰᠡᠯ ᠱᠠᠭᠠᠷᠳᠠᠯᠭ᠎ᠠ ᠶᠢ | ᠰᠠᠶᠢᠲᠤᠷ ᠰᠢᠢᠳᠪᠦᠷᠢᠯᠡᠬᠦ ᠶᠢᠨ ᠨᠢᠭᠡ ᠲᠠᠯ᠎ᠠ ᠪᠣᠯᠣᠨ᠎ᠠ᠃ | ︽ᠪᠢᠳᠡ ᠲᠤᠰ ᠡᠳᠦᠷ ᠤᠨ ᠦᠳᠡ ᠶᠢᠨ ᠬᠤᠶᠢᠨ᠎ᠠ ᠶᠢᠨ 3 ᠴᠠᠭ ᠤᠨ ᠦᠶ᠎ᠡ ᠪᠠᠷ ᠬᠦᠰᠡᠯ ᠱᠠᠭᠠᠷᠳᠠᠯᠭ᠎ᠠ ᠶᠢ | ᠭᠥᠯᠢᠶᠡᠨ ᠠᠪᠴᠠᠢ᠂ ᠡᠭᠦᠨ ᠳᠤ ᠴᠥᠭᠡᠨ ᠪᠤᠰᠤ ᠰᠢᠯᠭᠠᠭᠤᠯᠤᠭᠴᠢ ᠳᠠᠷᠠᠭ᠎ᠠ ᠡᠳᠦᠷ ᠨᠢ ᠰᠢᠯᠭᠠᠯᠲᠠ ᠳᠤ | ᠣᠷᠤᠯᠴᠠᠬᠤ ᠪᠣᠯᠣᠨ᠎ᠠ᠂ ᠣᠯᠠᠨ ᠲᠠᠯ᠎ᠠ ᠶᠢᠨ ᠰᠠᠨᠠᠯ ᠢᠶᠠᠨ ᠰᠣᠯᠢᠯᠴᠠᠭᠰᠠᠨ ᠤ ᠳ᠋ᠦᠩ ᠳᠤ᠂ 7 ᠴᠠᠭ ᠪᠣᠯᠤᠭᠰᠠᠨ | ᠦᠭᠡᠢ ᠪᠠᠷ ᠪᠦᠬᠦ ᠬᠤᠲᠠ ᠶᠢᠨ ᠰᠢᠯᠭᠠᠯᠲᠠ ᠶᠢᠨ ᠱᠠᠭᠠᠷᠳᠠᠯᠭ᠎ᠠ ᠲᠠᠢ 26 ᠰᠢᠯᠭᠠᠭᠤᠯᠤᠭᠴᠢ ᠰᠢᠯᠭᠠᠯᠲᠠ ᠶᠢᠨ | ᠭᠠᠵᠠᠷ ᠲᠤ ᠣᠴᠢᠬᠤ ᠲᠡᠷᠭᠡᠨ ᠳᠤ ᠰᠠᠭᠤᠭᠰᠠᠨ ᠪᠠᠶᠢᠨ᠎ᠠ︾᠃ ᠡᠨᠡᠬᠦ ᠠᠵᠢᠯ ᠢ ᠬᠠᠷᠢᠭᠤᠴᠠᠵᠤ ᠪᠠᠶᠢᠭ᠎ᠠ | ᠬᠤᠯᠪᠣᠭᠠᠴᠢᠨ ᠯᠢ ᠪᠢᠩ᠂ ᠡᠷᠢᠶᠡᠨ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ | ᠭᠠᠵᠠᠷ ᠤᠨ ᠨᠢᠭᠡᠳᠦᠯᠲᠡᠢ ᠪᠠᠶᠢᠷᠢᠯᠠᠭᠤᠯᠤᠯᠲᠠ ᠳᠣᠣᠷ᠎ᠠ᠂ ᠲᠤᠬᠠᠢ ᠶᠢᠨ ᠡᠳᠦᠷ ᠤᠨ ᠦᠳᠡ ᠶᠢᠨ ᠬᠤᠶᠢᠨ᠎ᠠ᠂ ᠡᠯ᠎ᠡ | ᠨᠡᠶᠢᠭᠡᠮ ᠲᠣᠭᠤᠷᠢᠭ ᠤᠨ ᠬᠢᠨ ᠬᠠᠷᠢᠶᠠᠨ ᠳᠠᠬᠢ ᠰᠠᠭᠤᠭᠠᠯᠢ ᠠᠷᠠᠳ ᠤᠨ ᠲᠣᠭᠤᠷᠢᠭ ᠲᠤ ᠰᠢᠰᠲ᠋ᠧᠮ ᠲᠠᠢ | ᠪᠠᠶᠢᠴᠠᠭᠠᠯᠲᠠ ᠬᠢᠵᠦ᠂ ᠰᠢᠯᠭᠠᠯᠲᠠ ᠳᠤ ᠣᠷᠤᠯᠴᠠᠬᠤ ᠬᠥᠮᠥᠰ ᠤᠨ ᠨᠡᠷᠡᠰ ᠢ ᠦᠳᠲᠡᠷ ᠲᠦᠷᠭᠡᠨ ᠡᠮᠬᠢᠯᠡᠵᠦ | ᠭᠠᠷᠭᠠᠭᠰᠠᠨ ᠤ ᠳᠠᠷᠠᠭ᠎ᠠ᠂ ᠠᠵᠢᠯᠲᠠᠳ ᠢᠶᠠᠷ ᠨᠢᠭᠡ ᠨᠢᠭᠡ ᠪᠠᠷ ᠤᠲᠠᠰᠤ ᠪᠠᠷ ᠬᠠᠷᠢᠯᠴᠠᠭᠤᠯᠤᠨ ᠬᠠᠷᠭᠤᠭᠤᠯᠵᠤ᠂ | ᠲᠡᠭᠦᠨ ᠤ ᠰᠠᠭᠤᠵᠤ ᠪᠠᠶᠢᠭ᠎ᠠ ᠰᠠᠭᠤᠭᠠᠯᠢ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠤᠪᠢ | ᠬᠥᠮᠥᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠠᠶᠢᠳᠠᠯ ᠢ ᠣᠶᠢᠯᠠᠭᠠᠬᠤ ᠶᠢᠨ ᠬᠠᠮᠲᠤ | ᠰᠢᠯᠭᠠᠭᠤᠯᠤᠭᠴᠢ ᠳᠤ ᠡᠷᠢᠶᠡᠨ ᠬᠤᠲᠠ ᠠᠴᠠ ᠭᠠᠷᠴᠤ ᠰᠢᠯᠭᠠᠯᠲᠠ ᠳᠤ ᠣᠷᠤᠯᠴᠠᠬᠤ ᠳᠤ ᠪᠡᠯᠡᠳᠬᠡᠬᠦ ᠴᠢᠬᠤᠯᠠᠲᠠᠢ | ᠭᠠᠷ ᠭᠦᠢᠴᠡᠳᠬᠡᠯ ᠢ ᠮᠡᠳᠡᠭᠳᠡᠨ᠎ᠡ᠃【ᠡᠭᠦᠨ ᠳᠤ ᠨᠡᠶᠢᠭᠡᠮ ᠲᠣᠭᠤᠷᠢᠭ ᠠᠴᠠ ᠭᠠᠷᠭᠠᠭᠰᠠᠨ ᠭᠡᠷᠡᠴᠢ᠂ 7 ᠡᠳᠦᠷ | ᠳᠠᠷᠠᠭᠠᠯᠠᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠮᠡᠳᠡᠭᠦᠯᠦᠯᠲᠡ ᠪᠠ ᠲᠤᠬᠠᠢ ᠶᠢᠨ ᠡᠳᠦᠷ ᠤᠨ | ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠮᠡᠳᠡᠭᠦᠯᠦᠯᠲᠡ ᠵᠡᠷᠭᠡ ᠮᠠᠲ᠋ᠧᠷᠢᠶᠠᠯ ᠪᠠᠭᠲᠠᠨ᠎ᠠ᠂ ᠡᠨᠡ ᠨᠢ | ᠳᠠᠷᠤᠢ ᠠᠮᠤᠷ ᠲᠦᠪᠰᠢᠨ ᠢ ᠪᠠᠲᠤᠯᠠᠵᠤ᠂ ᠥᠴᠥᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠬᠤ ᠶᠢᠨ | ᠲᠥᠯᠥᠭᠡ ᠶᠤᠮ᠃】 ᠡᠨᠡᠬᠦ ᠶᠠᠪᠤᠴᠠ ᠳᠤ ᠡᠷᠢᠶᠡᠨ ᠬᠤᠲᠠ ᠨᠢ ᠬᠥᠬᠡᠬᠤᠲᠠ᠂ ᠰᠢᠯᠢᠩᠬᠤᠲᠠ ᠶᠢᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠲᠠᠢ ᠢᠳᠡᠪᠬᠢᠲᠡᠢ ᠪᠠᠷ ᠨᠡᠪᠲᠡᠷᠡᠯᠴᠡᠨ ᠬᠠᠷᠢᠯᠴᠠᠵᠤ᠂ | ᠰᠢᠯᠭᠠᠭᠤᠯᠤᠭᠴᠢ ᠶᠢᠨ ᠲᠤᠬᠠᠢ ᠶᠢᠨ ᠭᠠᠵᠠᠷ ᠲᠤ ᠬᠦᠷᠦᠭᠰᠡᠨ ᠤ ᠳᠠᠷᠠᠭᠠᠬᠢ ᠬᠢᠵᠢᠭ ᠢ ᠰᠡᠷᠭᠡᠶᠢᠯᠡᠬᠦ ᠬᠤᠯᠪᠣᠭᠳᠠᠯ | ᠪᠦᠬᠦᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠣᠷᠣᠰᠢᠨ ᠰᠠᠭᠤᠬᠤ᠂ ᠰᠢᠯᠭᠠᠯᠲᠠ ᠳᠤ ᠣᠷᠤᠯᠴᠠᠬᠤ ᠠᠴᠠ | ᠠᠪᠤᠭᠠᠳ ᠪᠤᠴᠠᠵᠤ ᠢᠷᠡᠬᠦ ᠬᠦᠷᠲᠡᠯᠡᠬᠢ ᠪᠤᠶ ᠪᠦᠬᠦᠢ ᠶᠠᠪᠤᠴᠠ ᠶᠢᠨ ᠪᠢᠲᠡᠭᠦᠦ ᠬᠠᠮᠢᠶᠠᠷᠤᠯᠲᠠ ᠶᠢ ᠪᠦᠬᠦᠨ ᠢᠶᠠᠷ | ᠨᠢ ᠪᠡᠶᠡᠯᠡᠭᠦᠯᠦᠭᠰᠡᠨ ᠪᠠᠶᠢᠨ᠎ᠠ᠃ ᠣᠶᠢᠯᠠᠭᠠᠭᠰᠠᠨ ᠢᠶᠠᠷ᠂ ᠣᠳᠣᠬᠠᠨ ᠳᠤ 26 ᠰᠢᠯᠭᠠᠭᠤᠯᠤᠭᠴᠢ ᠴᠥᠮ | ᠰᠢᠯᠭᠠᠯᠲᠠ ᠪᠠᠨ ᠳᠠᠭᠤᠰᠬᠠᠵᠠᠢ᠃ | ᠲᠣᠰ ᠡᠭᠡᠯᠵᠢ ᠶᠢᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠡᠷᠢᠶᠡᠨ ᠬᠤᠲᠠ ᠶᠢᠨ ᠬᠢᠨ ᠣᠯᠠᠨ | ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠪᠦᠲᠦᠮᠵᠢᠲᠡᠶ ᠬᠠᠷᠢᠭᠤᠯᠲᠠ ᠥᠭᠴᠦ᠂ | ᠮᠠᠳᠠᠭ ᠲᠠᠢ ᠠᠰᠠᠭᠤᠳᠠᠯ ᠢ ᠰᠢᠢᠳᠪᠦᠷᠢᠯᠡᠬᠦ ᠪᠠ ᠣᠯᠠᠨ ᠲᠦᠮᠡᠨ ᠤ ᠠᠰᠢᠭ ᠲᠤᠰᠠ ᠶᠢᠨ ᠭᠤᠮᠣᠳᠠᠯ ᠱᠠᠭᠠᠷᠳᠠᠯᠭ᠎ᠠ ᠶᠢ | ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠲᠤᠰᠬᠠᠶᠢᠯᠠᠨ 6 ᠬᠠᠯᠠᠮ ᠤᠲᠠᠰᠤ ᠶᠢ ᠲᠣᠬᠢᠷᠠᠭᠤᠯᠤᠭᠰᠠᠨ ᠪᠥᠭᠡᠳ | ᠨᠡᠶᠢᠭᠡᠮ ᠳᠤ ᠨᠡᠶᠢᠲᠡᠯᠡᠵᠦ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠣᠯᠠᠨ ᠲᠦᠮᠡᠨ ᠤ ᠠᠰᠢᠭ ᠲᠤᠰᠠ ᠶᠢᠨ | ᠭᠤᠮᠣᠳᠠᠯ ᠱᠠᠭᠠᠷᠳᠠᠯᠭ᠎ᠠ ᠶᠢᠨ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠡᠢ᠃ ᠣᠶᠢᠯᠠᠭᠠᠭᠰᠠᠨ ᠢᠶᠠᠷ᠂ ᠣᠯᠠᠨ | ᠲᠦᠮᠡᠨ ᠤ ᠬᠦᠰᠡᠯ ᠱᠠᠭᠠᠷᠳᠠᠯᠭ᠎ᠠ ᠳᠤ ᠴᠢᠭᠯᠡᠭᠦᠯᠦᠨ᠂ ᠲᠤᠬᠠᠢ ᠶᠢᠨ ᠲᠠᠯᠠᠪᠤᠷ ᠲᠤ ᠬᠠᠷᠢᠭᠤᠯᠲᠠ ᠥᠭᠴᠦ ᠳᠡᠶᠢᠯᠬᠦ | ᠠᠰᠠᠭᠤᠳᠠᠯ ᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ ᠲᠤᠬᠠᠢ ᠶᠢᠨ ᠲᠠᠯᠠᠪᠤᠷ ᠲᠤ ᠬᠠᠷᠢᠭᠤᠯᠲᠠ | ᠥᠭᠬᠦ ᠵᠢᠴᠢ ᠬᠤᠯᠪᠣᠭᠳᠠᠯ ᠪᠦᠬᠦᠢ ᠠᠵᠢᠯ ᠤᠨ ᠪᠠᠶᠢᠭᠤᠯᠤᠮᠵᠢ ᠶᠢ ᠵᠣᠬᠢᠴᠠᠭᠤᠯᠤᠨ ᠰᠢᠢᠳᠪᠦᠷᠢᠯᠡᠵᠦ ᠥᠭᠭᠦᠨ᠎ᠡ︔ | ᠪᠤᠰᠤᠳ ᠠᠰᠠᠭᠤᠳᠠᠯ ᠳᠤ ᠠᠵᠢᠯ ᠤᠨ ᠡᠬᠡ ᠲᠠᠩᠰᠠ ᠪᠠᠶᠢᠭᠤᠯᠵᠤ᠂ ᠠᠵᠢᠯ ᠤᠨ ᠬᠤᠪᠢᠶᠠᠷᠢᠯᠠᠯ ᠶᠣᠰᠣᠭᠠᠷ ᠴᠠᠭ | ᠲᠤᠬᠠᠢ ᠳᠤᠨᠢ ᠬᠠᠮᠢᠶ᠎ᠠ ᠪᠦᠬᠦᠢ ᠲᠤᠰᠬᠠᠢ ᠠᠵᠢᠯ ᠤᠨ ᠳᠤᠭᠤᠶᠢᠯᠠᠩ ᠳᠤ ᠬᠦᠷᠭᠡᠨ ᠨᠠᠶᠢᠳᠠᠪᠤᠷᠢᠵᠢᠭᠤᠯᠬᠤ ᠶᠢ | ᠲᠦᠯᠬᠢᠨ ᠠᠬᠢᠭᠤᠯᠬᠤ ᠶᠢᠨ ᠬᠠᠮᠲᠤ ᠮᠥᠷᠳᠡᠨ ᠰᠢᠪᠠᠳᠠᠨ ᠰᠢᠢᠳᠪᠦᠷᠢᠯᠡᠭᠦᠯᠪᠡ᠃ | |