ᠠᠶᠢᠮᠠᠭ ᠤᠨ ᠨᠠᠮ ᠤᠨ ᠬᠤᠷᠢᠶᠠᠨ ᠤ ᠱᠦᠵᠢ ᠶᠣᠣ ᠶᠦᠩ ᠪᠥᠸᠧ ᠮᠠᠨ ᠤ ᠬᠤᠲᠠ ᠳᠤ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠠᠵᠢᠯ  ᠢ ᠲᠣᠬᠢᠷᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/8/8
     8 ᠰᠠᠷ᠎ᠠ ᠶᠢᠨ 7 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠶᠣᠣ ᠶᠦᠩ ᠪᠥᠸᠧ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠬᠢᠴᠠ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠪᠠ ᠠᠵᠢᠯ ᠤᠨ ᠲᠣᠬᠢᠷᠠᠭᠤᠯᠤᠯᠲᠠ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ᠂ ᠪᠣᠭᠤᠮᠲᠠ ᠶᠢᠨ ᠠᠯᠪᠠᠨ ᠭᠡᠷ ᠤᠨ ᠡᠷᠬᠢᠯᠡᠭᠴᠢ ᠱᠠᠩ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠰᠠᠷᠠᠨᠴᠢᠮᠡᠭ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢᠦ ᡁᠢ ᠫᠢᠩ ᠵᠢᠴᠢ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠲᠠ ᠶᠢᠨ ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ ᠳᠤ ᠣᠷᠣᠯᠴᠠᠪᠠ᠃
   ᠶᠣᠣ ᠶᠦᠩ ᠪᠥᠸᠧ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠪᠠ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠤ ᠵᠢᠯᠣᠭᠤᠳᠤᠯᠭ᠎ᠠ ᠵᠢᠴᠢ ᠠᠶᠢᠮᠠᠭ ᠬᠤᠲᠠ   ᠶᠢᠨ ᠡᠯ᠎ᠡ ᠱᠠᠲᠤᠨ ᠤ ᠺᠠᠳ᠋ᠷᠴᠤᠳ ᠤᠨ ᠴᠢᠷᠮᠠᠶᠢᠯᠭ᠎ᠠ ᠪᠠ ᠪᠦᠬᠦ ᠬᠤᠲᠠ ᠶᠢᠨ ᠠᠷᠠᠳ ᠣᠯᠠᠨ ᠤ ᠢᠳᠡᠪᠬᠢᠲᠡᠢ ᠬᠠᠮᠵᠢᠯᠴᠠᠯᠭ᠎ᠠ ᠳᠣᠣᠷ᠎ᠠ᠂ ᠡᠷᠢᠶᠡᠨ ᠬᠤᠲᠠ ᠶᠢᠨ ᠬᠢᠵᠢᠭ ᠤᠨ ᠪᠠᠶᠢᠳᠠᠯ   ᠢ ᠰᠡᠷᠭᠡᠶᠢᠯᠡᠨ ᠡᠵᠡᠮᠳᠡᠬᠦ ᠠᠵᠢᠯ ᠱᠠᠲᠤ ᠦᠶ᠎ᠡ   ᠶᠢᠨ ᠴᠢᠨᠠᠷᠲᠠᠢ ᠦᠷ᠎ᠡ ᠪᠦᠲᠦᠭᠡᠯ ᠣᠯᠵᠤ᠂ ᠰᠡᠷᠭᠡᠶᠢᠯᠡᠨ ᠡᠵᠡᠮᠳᠡᠬᠦ ᠪᠠᠶᠢᠳᠠᠯ ᠦᠷᠭᠦᠯᠵᠢᠯᠡᠨ ᠰᠠᠶᠢᠵᠢᠷᠠᠵᠤ ᠪᠠᠶᠢᠨ᠎ᠠ᠃ ᠭᠡᠪᠡᠴᠦ ᠣᠳᠣᠬᠠᠨ ᠳᠤ ᠪᠠᠰᠠ ᠮᠠᠰᠢ ᠣᠯᠠᠨ ᠲᠣᠭᠲᠠᠪᠤᠷᠢ ᠦᠭᠡᠢ ᠬᠦᠴᠦᠨ ᠵᠦᠢᠯ ᠣᠷᠣᠰᠢᠵᠤ ᠪᠠᠶᠢᠨ᠎ᠠ ᠃ ᠡᠶᠢᠮᠦ ᠠᠴᠠ ᠣᠯᠠᠨ ᠢᠶᠠᠷ ᠢᠶᠠᠨ ᠬᠥᠩᠭᠡᠨ ᠬᠠᠭᠤᠮᠠᠭᠠᠢ ᠪᠠᠷ ᠬᠠᠨᠳᠤᠵᠤ ᠪᠣᠯᠬᠤ ᠦᠭᠡᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠠᠮᠤᠭ ᠡᠴᠦᠰ ᠤᠨ ᠴᠠᠭ ᠮᠥᠴᠡ ᠪᠣᠯᠬᠤ ᠦᠭᠡᠢ ᠪᠣᠯ ᠶᠠᠭᠠᠬᠢᠭᠰᠠᠨ ᠴᠤ ᠰᠤᠯᠠᠷᠠᠵᠤ ᠪᠣᠯᠬᠤ ᠦᠭᠡᠢ᠂ ᠮᠢᠨᠴᠦᠭᠦᠷᠡᠬᠦ ᠦᠵᠡᠯ ᠰᠠᠨᠠᠭ᠎ᠠ ᠪᠠ ᠭᠤᠷᠢᠳᠠᠬᠤ ᠪᠣᠳᠣᠯ ᠲᠠᠢ ᠪᠠᠶᠢᠵᠤ ᠶᠠᠭᠠᠬᠢᠭᠰᠠᠨ ᠴᠤ ᠪᠣᠯᠬᠤ ᠦᠭᠡᠢ᠂ ᠡᠯ᠎ᠡ ᠳᠤᠭᠤᠶᠢᠯᠠᠩ᠂ ᠡᠯ᠎ᠡ ᠲᠤᠰᠬᠠᠢ ᠠᠩᠭᠢ ᠡᠷᠬᠡᠪᠰᠢ ᠰᠡᠷᠬᠡᠶᠢᠯᠡᠨ ᠡᠵᠡᠮᠳᠡᠬᠦ ᠪᠠᠶᠢᠳᠠᠯ ᠢᠶᠠᠨ ᠦᠷᠭᠦᠯᠵᠢᠯᠡᠨ ᠪᠠᠷᠢᠮᠲᠠᠯᠠᠵᠤ᠂ ᠵᠢᠯᠤᠭᠤᠳᠬᠤ ᠰᠢᠰᠲ᠋ᠧᠮ ᠤᠨ ᠡᠯ᠎ᠡ ᠲᠥᠷᠥᠯ ᠤᠨ ᠬᠥᠮᠥᠰ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠢᠵᠢᠭ ᠢ ᠢᠳᠡᠪᠬᠢᠲᠡᠢ ᠡᠰᠡᠷᠭᠦᠴᠡᠨ᠂ ᠪᠦᠬᠦᠶᠢᠯᠡ ᠨᠡᠶᠢᠭᠡᠮ ᠤᠨ ᠠᠮᠢᠳᠤᠷᠠᠯ ᠤᠨ ᠬᠡᠪ ᠤᠨ ᠡᠮᠬᠢ ᠵᠢᠷᠤᠮ ᠢ ᠰᠡᠷᠭᠦᠭᠡᠬᠦ ᠬᠡᠷᠡᠭᠲᠡᠢ ᠭᠡᠵᠦ ᠵᠢᠭᠠᠵᠦ ᠭᠠᠷᠭᠠᠪᠠ᠃   ᠶᠣᠣ ᠶᠦᠩ ᠪᠥᠸᠧ᠂ ᠭᠤᠣᠯᠳᠠᠯᠭ᠎ᠠ  ᠲᠠᠢ ᠬᠥᠮᠥᠰ ᠢ ᠠᠩᠬᠠᠷᠤᠨ᠂ ᠲᠤᠰᠠᠭᠠᠷᠯᠠᠬᠤ ᠴᠢᠭ ᠤᠨ ᠬᠠᠮᠢᠶᠠᠷᠤᠯᠲᠠ ᠶᠢ ᠲᠥᠪᠯᠡᠷᠡᠭᠦᠯᠦᠨ᠂ ᠡᠮᠨᠡᠯᠭᠡ   ᠶᠢᠨ ᠬᠤᠷᠢᠶᠠᠨ ᠳᠤ ᠬᠠᠯᠳᠠᠪᠤᠷᠢᠯᠠᠬᠤ ᠪᠠ ᠰᠣᠯᠪᠢᠴᠠᠨ ᠬᠠᠯᠳᠠᠪᠤᠷᠢᠯᠠᠬᠤ ᠪᠠᠶᠢᠳᠠᠯ ᠭᠠᠷᠭᠠᠵᠤ ᠶᠠᠭᠠᠬᠢᠭᠰᠠᠨ ᠴᠤ ᠪᠣᠯᠬᠤ ᠦᠭᠡᠢ︔ ᠪᠦᠬᠦᠶᠢᠯᠡ ᠨᠡᠶᠢᠭᠡᠮ ᠤᠨ ᠲᠠᠯ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠶᠤᠯ ᠲᠦᠭᠰᠢᠭᠦᠷᠢ ᠶᠢᠨ ᠴᠢᠭ ᠢ ᠠᠩᠬᠠᠷᠴᠤ᠂ ᠰᠢᠨ᠎ᠡ ᠬᠠᠯᠳᠠᠪᠤᠷᠢᠯᠠᠯ ᠤᠨ ᠡᠬᠢ ᠰᠤᠷᠪᠤᠯᠵᠢ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ︔ ᠡᠪᠡᠳᠴᠢᠲᠡᠨ ᠤ ᠪᠠᠶᠢᠳᠠᠯ ᠢ ᠴᠠᠭ ᠢᠮᠠᠭᠲᠠ ᠠᠩᠬᠠᠷᠴᠤ᠂ ᠡᠮᠨᠡᠨ ᠵᠠᠰᠠᠬᠤ ᠲᠥᠰᠥᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠡᠪᠡᠳᠴᠢᠲᠡᠨ ᠤ ᠡᠷᠲᠡᠬᠡᠨ ᠡᠷᠡᠭᠦᠯᠵᠢᠬᠦ ᠶᠢ ᠪᠠᠲᠤᠯᠠᠬᠤ ᠬᠡᠷᠡᠭᠲᠡᠢ︔ ᠠᠷᠠᠳ ᠤᠯᠠᠨ ᠤ ᠠᠮᠢᠳᠤᠷᠠᠯ ᠢ ᠬᠠᠯᠠᠮᠵᠢᠯᠠᠵᠤ᠂ ᠠᠷᠠᠳ ᠤᠯᠠᠨ ᠤ ᠬᠦᠰᠡᠯ ᠱᠠᠭᠠᠷᠳᠠᠯᠭ᠎ᠠ ᠶᠢ ᠴᠢᠷᠮᠠᠶᠢᠨ ᠰᠢᠢᠳᠪᠦᠷᠢᠯᠡᠬᠦ ᠬᠡᠷᠡᠭᠲᠡᠢ︔ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠥᠯ ︵ᠶᠢᠰᠦᠳᠦᠭᠡᠷ ᠨᠢᠭᠤᠷ︶︾ ᠤᠨ ᠱᠠᠭᠠᠷᠳᠠᠯᠭ᠎ᠠ ᠪᠠ ᠪᠣᠳᠠᠲᠠᠢ ᠪᠠᠶᠢᠳᠠᠯ ᠶᠣᠰᠣᠭᠠᠷ᠂ ᠪᠣᠳᠠᠲᠠᠢ ᠠᠰᠠᠭᠤᠳᠠᠯ ᠢ ᠪᠣᠳᠠᠲᠠᠢ ᠪᠠᠷ ᠵᠠᠳᠠᠯᠵᠤ᠂ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠰᠠᠭᠠᠲᠠᠭᠰᠠᠨ ᠬᠥᠮᠥᠰ ᠤᠨ ᠪᠤᠴᠠᠬᠤ ᠵᠠᠮ ᠪᠠ ᠰᠠᠭᠤᠭᠠᠯᠢ ᠲᠣᠭᠤᠷᠢᠭ ᠤᠨ ᠲᠦᠭᠰᠢᠭᠦᠷᠢ ᠶᠢᠨ ᠲᠠᠰ ᠢ ᠪᠠᠭᠤᠷᠠᠭᠤᠯᠬᠤ ᠠᠵᠢᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠨ᠎ᠠ︔ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠣᠭᠤᠮᠲᠠ ᠪᠠᠷ ᠥᠩᠭᠡᠷᠡᠬᠦ ᠶᠢ ᠪᠠᠲᠤᠯᠠᠬᠤ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠣᠭᠤᠮᠲᠠ ᠪᠠᠷ ᠥᠩᠭᠡᠷᠡᠬᠦ ᠶᠢᠨ ︽ᠬᠤᠶᠠᠷ ᠢ ᠰᠠᠭᠠᠲᠠᠭᠠᠬᠤ ᠦᠭᠡᠢ︾ ᠪᠠᠶᠢᠬᠤ ᠶᠢ ᠪᠠᠲᠤᠯᠠᠬᠤ ᠬᠡᠷᠡᠭᠲᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号