ᠡᠷᠢᠶᠡᠨ ᠲᠡᠮᠦᠷ ᠵᠠᠮ ᠤᠨ ᠪᠣᠭᠤᠮᠲᠠ ᠪᠠᠷ ᠦᠩᠭᠡᠷᠡᠭᠰᠡᠨ ᠳᠤᠮᠳᠠᠳᠤ ᠡᠸᠦ᠋ᠷᠦᠫᠡ ᠶᠢᠨ  ᠡᠭᠡᠯᠵᠢ ᠶᠢᠨ ᠭᠠᠯᠲᠤ ᠲᠡᠷᠭᠡ 10000  ᠴᠤᠪᠤᠭ᠎ᠠ ᠶᠢ ᠲᠠᠪᠠᠭᠰᠡᠨ
ᠨᠡᠶᠢᠲᠡᠯᠡᠭᠰᠡᠨ ᠴᠠᠭ᠄
2022/8/8
ᠡᠷᠢᠶᠡᠨ  ᠬᠤᠳᠠ   ᠶᠢᠨ  ᠶᠡᠷᠦᠩᠬᠡᠶᠢᠯᠬᠠᠰᠡᠨ ᠷᠠᠳᠢᠣ᠋ ᠶᠢᠨ  ᠰᠤᠷᠪᠤᠯᠵᠢᠯᠠᠭᠴᠢ  ᠪᠦᠷᠢᠩᠭᠤᠸ᠎ᠠ   ᠶᠢᠨ  ᠮᠡᠳᠡᠭᠡᠯᠡᠭᠰᠡᠨ  ᠢᠶᠠᠷ᠄ᠡᠷᠢᠶᠡᠨ ᠲᠡᠮᠦᠷ ᠵᠠᠮ ᠤᠨ ᠪᠣᠭᠤᠮᠲᠠ ᠪᠠᠷ ᠦᠩᠭᠡᠷᠡᠭᠰᠡᠨ ᠳᠤᠮᠳᠠᠳᠤ ᠡᠸᠦ᠋ᠷᠦᠫᠡ ᠶᠢᠨ  ᠡᠭᠡᠯᠵᠢ ᠶᠢᠨ ᠭᠠᠯᠲᠤ ᠲᠡᠷᠭᠡ 10000  ᠴᠤᠪᠤᠭ᠎ᠠ ᠶᠢ ᠲᠠᠪᠠᠭᠰᠡᠨ    8 ᠰᠠᠷ᠎ᠠ   ᠶᠢᠨ 6 ᠤ ᠡᠳᠦᠷ᠂   40   ᠹᠦᠲ  ᠶᠢᠨ 50  ᠴᠢᠩᠭᠡᠯᠢᠭ ᠬᠠᠶᠢᠷᠴᠠᠭ  2215 ᠲᠣᠨ ᠡᠳᠦᠷ ᠲᠤᠲᠤᠮ ᠤᠨ ᠬᠡᠷᠡᠭᠯᠡᠭᠡᠨ ᠤ ᠪᠠᠷᠠᠭ᠎ᠠ  ᠠᠴᠢᠠᠠᠰᠡᠨ ᠳᠤᠮᠳᠠᠳᠤ ᠡᠸᠦ᠋ᠷᠦᠫᠡ   ᠶᠢᠨ  ᠡᠭᠡᠯᠵᠢ ᠶᠢᠨ ᠭᠠᠯᠲᠤ ᠲᠡᠷᠭᠡ ᠡᠷᠢᠶᠡᠨ  ᠲᠡᠮᠦᠷ ᠵᠠᠮ ᠤᠨ ᠪᠣᠭᠤᠮᠲᠠ ᠪᠠᠷ  ᠦᠩᠭᠡᠷᠡᠵᠦ ᠫᠤᠯᠠᠨᠳ᠋ ᠤᠨ ᠮᠠᠷᠠᠱᠸᠧᠢᠴᠢ  ᠵᠦᠭ ᠠᠶᠠᠯᠠᠪᠠ᠃ ᠡᠨᠡ ᠨᠢ 2013 ᠣᠨ ᠳᠤ ᠠᠩᠬᠠᠳᠠᠭᠴᠢ ᠳᠤᠮᠳᠠᠳᠤ ᠡᠸᠦ᠋ᠷᠦᠫᠡ ᠶᠢᠨ  ᠡᠭᠡᠯᠵᠢ  ᠶᠢᠨ ᠭᠠᠯᠲᠤ ᠲᠡᠷᠭᠡ ᠶᠢ ᠨᠡᠪᠲᠡᠷᠡᠭᠦᠯᠦᠭᠰᠡᠨ ᠠᠴᠠ  ᠨᠠᠭᠠᠰᠢ᠂  ᠡᠷᠢᠶᠡᠨ ᠪᠣᠭᠤᠮᠲᠠ ᠪᠠᠷ  ᠦᠩᠭᠡᠷᠡᠭᠰᠡᠨ ᠳᠤᠮᠳᠠᠳᠤ ᠡᠸᠦ᠋ᠷᠦᠫᠡ ᠶᠢᠨ  ᠡᠭᠡᠯᠵᠢ ᠶᠢᠨ ᠭᠠᠯᠲᠤ  ᠲᠡᠷᠭᠡᠨ ᠤ ᠲᠤᠭ᠎ᠠ 10000 ᠴᠤᠪᠤᠭ᠎ᠠ ᠶᠢ ᠳᠠᠪᠠᠭᠰᠠᠨ ᠢ ᠬᠠᠷᠠᠭᠤᠯᠵᠤ ᠪᠠᠶᠢᠨ᠎ᠠ᠃       ᠡᠷᠢᠶᠡᠨ  ᠲᠡᠮᠦᠷ ᠵᠠᠮ ᠤᠨ ᠪᠣᠭᠤᠮᠲᠠ ᠨᠢ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ  ᠲᠡᠷᠭᠡᠨ ᠤ   ᠲᠤᠮᠳᠠ ᠵᠠᠮ  ᠤᠨ ᠬᠢᠯᠢ ᠪᠠᠷ  ᠦᠩᠭᠡᠷᠡᠬᠦ ᠵᠠᠩᠭᠢᠯᠠᠭ᠎ᠠ ᠶᠢᠨ   ᠴᠡᠭ ᠪᠣᠯᠤᠭᠰᠠᠨ ᠤ ᠬᠤᠪᠢ ᠳᠤ  ᠂  ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ  ᠲᠡᠷᠭᠡᠨ ᠤ  ᠵᠠᠮ ᠱᠤᠭᠤᠮ 58 ᠵᠤᠷᠪᠤᠰ  ᠪᠤᠯᠵᠦ᠂ ᠤᠯᠤᠰ ᠤᠨ ᠭᠠᠳᠠᠭᠠᠳᠤ ᠶᠢᠨ   ᠭᠧᠷᠮᠠᠨ᠂  ᠫᠤᠯᠠᠨᠳ᠋᠂ ᠤᠷᠤᠰ᠂   ᠪᠧᠯᠦᠷᠦ᠋ᠰ  ᠂ ᠮᠣᠩᠭᠤᠯ ᠤᠯᠤᠰ ᠵᠡᠷᠭᠡ ᠠᠷᠪᠠ ᠭᠠᠷᠤᠢ ᠤᠯᠤᠰ ᠤᠨ 60 ᠭᠠᠷᠤᠢ ᠬᠤᠳᠠ  ᠲᠠᠢ  ᠬᠤᠯᠪᠣᠭᠳᠠᠵᠤ᠂ ᠤᠯᠤᠰ ᠤᠨ ᠳᠣᠲᠣᠭᠠᠳᠤ  ᠶᠢᠨ ᠤᠯᠠᠩᠬᠢ  ᠳᠤᠮᠳᠠᠳᠤ ᠡᠸᠦ᠋ᠷᠦᠫᠡ ᠶᠢᠨ  ᠡᠭᠡᠯᠵᠢ ᠶᠢᠨ ᠭᠠᠯᠲᠤ  ᠲᠡᠷᠭᠡᠨ ᠤ  ᠡᠬᠢᠨ  ᠤ ᠦᠷᠳᠡᠭᠡ  ᠪᠤᠯᠵᠠᠢ᠃              ᠣᠶᠢᠯᠠᠭᠠᠭᠰᠠᠨ ᠢᠶᠠᠷ᠂  ᠤᠷᠴᠢᠮ ᠤᠨ ᠠᠷᠪᠠᠨ ᠵᠢᠯ ᠤᠨ ᠲᠤᠷᠰᠢ᠂ ᠡᠷᠢᠶᠡᠨ ᠲᠡᠮᠦᠷ ᠵᠠᠮ ᠤᠨ ᠪᠣᠭᠤᠮᠲᠠ ᠪᠠᠷ ᠥᠩᠭᠡᠷᠡᠬᠦ ᠳᠤᠮᠳᠠᠳᠤ ᠡᠸᠦ᠋ᠷᠦᠫᠡ ᠶᠢᠨ  ᠡᠭᠡᠯᠵᠢ ᠶᠢᠨ  ᠭᠠᠯᠳᠦ ᠲᠡᠷᠭᠡᠨ ᠤ ᠲᠤᠭ᠎ᠠ  ᠡᠳᠤᠷ ᠢᠷᠡᠭᠦᠶ᠎ᠡ ᠨᠡᠮᠡᠭᠳᠡᠵᠦ᠂  8 ᠵᠢᠯ ᠭᠠᠷᠤᠢ  ᠳᠤ  5000 ᠴᠤᠪᠤᠭ᠎ᠠ  ᠭᠠᠯᠳᠦ ᠲᠡᠷᠭᠡ ᠶᠢ  ᠡᠷᠢᠶᠡᠨ ᠪᠤᠭᠤᠮᠳᠠ ᠪᠠᠷ ᠦᠩᠭᠡᠷᠡᠭᠦᠯᠵᠦ᠂ ᠡᠨᠡ ᠬᠤᠶᠠᠷ ᠵᠢᠯ ᠤᠨ ᠲᠤᠳᠤᠷ᠎ᠠ ᠲᠡᠬᠢᠨ 5000  ᠴᠤᠪᠤᠭ᠎ᠠ ᠭᠠᠯᠳᠦ ᠲᠡᠷᠭᠡ ᠶᠢ ᠠᠮᠵᠢᠯᠳᠠ  ᠲᠠᠢ ᠬᠢᠯᠢ ᠪᠠᠷ  ᠦᠩᠭᠡᠷᠡᠭᠦᠯᠵᠠᠢ᠃  ᠡᠷᠢᠶᠡᠨ ᠪᠣᠭᠤᠮᠲᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠭᠰᠡᠨ ᠤᠷᠢᠲᠠᠯ ᠳᠣᠣᠷ᠎ᠠ᠂ ᠪᠣᠭᠤᠮᠲᠠ ᠪᠠᠷ ᠥᠩᠭᠡᠷᠡᠬᠦ ᠠᠷᠭ᠎ᠠ ᠬᠡᠮᠵᠢᠶ᠎ᠡ ᠶᠢ  ᠰᠢᠯᠢᠳᠡᠭᠵᠢᠬᠦᠯᠵᠦ᠂  ᠳᠤᠮᠳᠠᠳᠤ ᠡᠸᠦ᠋ᠷᠦᠫᠡ ᠶᠢᠨ  ᠡᠭᠡᠯᠵᠢ ᠶᠢᠨ ᠭᠠᠯᠲᠤ ᠲᠡᠷᠭᠡᠨ ᠤ  ᠨᠡᠮᠡᠭᠳᠡᠯ ᠢ  ᠪᠠᠳᠤᠯᠠᠵᠦ ᠪᠠᠶᠢᠨ᠎ᠠ᠃
 
ᠢᠷᠡᠯᠲᠡ᠄ ᠬᠠᠮ ᠵᠢᠭᠤᠴᠢᠯᠠᠭᠤᠷ ᠤᠨ ᠶᠠᠷᠦᠩᠬᠡᠶᠢᠯᠡᠭᠰᠡᠨ ᠷᠠᠳᠢᠤ᠋
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号