ᠡᠷᠢᠶᠡᠨ ᠬᠤᠲᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ  ᠬᠤᠷᠢᠳᠤᠭᠠᠷ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠦ᠂ ᠡᠳ᠋ ᠪᠣᠳᠠᠰ ᠤᠨ ᠬᠠᠩᠭᠠᠯᠭ᠎ᠠ ᠪᠠ ᠲᠡᠭᠡᠭᠡᠪᠦᠷᠢ ᠶᠢᠨ ᠪᠠᠲᠤᠯᠠᠭ᠎ᠠ ᠵᠡᠷᠭᠡ ᠪᠠᠶᠢᠳᠠᠯ ᠢ  ᠨᠡᠶᠢᠳᠡᠯᠡᠭᠰᠡᠨ
ᠨᠡᠶᠢᠲᠡᠯᠡᠭᠰᠡᠨ ᠴᠠᠭ᠄
2022/8/8
ᠡᠷᠢᠶᠡᠨ  ᠬᠤᠳᠠ   ᠶᠢᠨ  ᠶᠡᠷᠦᠩᠬᠡᠶᠢᠯᠬᠠᠰᠡᠨ ᠷᠠᠳᠢᠣ᠋ ᠶᠢᠨ  ᠰᠤᠷᠪᠤᠯᠵᠢᠯᠠᠭᠴᠢ  ᠪᠦᠷᠢᠩᠭᠤᠸ᠎ᠠ   ᠶᠢᠨ  ᠮᠡᠳᠡᠭᠡᠯᠡᠭᠰᠡᠨ  ᠢᠶᠠᠷ᠄ᠡᠷᠢᠶᠡᠨ ᠬᠤᠲᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ   ᠬᠤᠷᠢᠳᠤᠭᠠᠷ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠦ᠂ ᠡᠳ᠋ ᠪᠣᠳᠠᠰ ᠤᠨ ᠬᠠᠩᠭᠠᠯᠭ᠎ᠠ ᠪᠠ ᠲᠡᠭᠡᠭᠡᠪᠦᠷᠢ ᠶᠢᠨ ᠪᠠᠲᠤᠯᠠᠭ᠎ᠠ ᠵᠡᠷᠭᠡ ᠪᠠᠶᠢᠳᠠᠯ ᠢ  ᠨᠡᠶᠢᠳᠡᠯᠡᠭᠰᠡᠨ        8 ᠰᠠᠷ᠎ᠠ ᠶᠢᠨ 6  ᠤ ᠡᠳᠦᠷ᠂ ᠡᠷᠢᠶᠡᠨ ᠬᠤᠲᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ   ᠬᠤᠷᠢᠳᠤᠭᠠᠷ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠦ  ᠂  ᠡᠳ᠋ ᠪᠣᠳᠠᠰ ᠤᠨ ᠬᠠᠩᠭᠠᠯᠭ᠎ᠠ ᠪᠠ ᠲᠡᠭᠡᠭᠡᠪᠦᠷᠢ ᠶᠢᠨ ᠪᠠᠲᠤᠯᠠᠭ᠎ᠠ ᠵᠡᠷᠭᠡ ᠪᠠᠶᠢᠳᠠᠯ ᠢ ᠵᠠᠷᠯᠠᠨ  ᠨᠡᠶᠢᠳᠡᠯᠡᠪᠡ  ᠃ ᠡᠷᠢᠶᠡᠨ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠳᠡᠳ᠋ ᠶᠡᠷᠦᠩᠬᠡᠢ ᠵᠢᠯᠣᠭᠤᠳᠤᠭᠴᠢ᠂  ᠬᠤᠲᠠ ᠶᠢᠨ ᠳᠡᠳ᠋ ᠳᠠᠷᠤᠭ᠎ᠠ ᠸᠠᠩ ᠳ᠋ᠦᠩ ᠱᠧᠩ  ᠵᠢᠴᠢ ᠬᠠᠮᠢᠶ᠎ᠠ ᠪᠦᠬᠦᠢ ᠬᠥᠮᠥᠰ ᠰᠣᠨᠢᠨ ᠮᠡᠳᠡᠭᠡ ᠨᠡᠶᠢᠳᠡᠯᠡᠬᠦ ᠬᠤᠷᠠᠯ ᠳᠤ ᠤᠷᠤᠯᠴᠠᠵᠠᠢ᠃        ᠮᠡᠳᠡᠭᠳᠡᠯ ᠢ ᠦᠨᠳᠦᠰᠦᠯᠡᠪᠡᠯ᠂ 8 ᠰᠠᠷ᠎ᠠ ᠶᠢᠨ 5 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠡᠷᠢᠶᠡᠨ ᠬᠤᠲᠠ  ᠳᠤ ᠤᠨᠤᠰᠢᠯᠬᠠᠳ᠋ᠬᠠᠰᠡᠨ ᠡᠪᠡᠳᠴᠢᠨ ᠤ ᠵᠢᠱᠢᠶ᠎ᠡ 6 ᠨᠡᠮᠡᠭᠳᠡᠵᠦ᠂ ᠡᠪᠡᠳᠴᠢᠨ ᠤ ᠢᠯᠡᠷᠡᠯ ᠦᠭᠡᠢ ᠬᠠᠯᠳᠠᠪᠦᠷᠢᠯᠬᠠᠴᠢ  1  ᠨᠡᠮᠡᠭᠳᠡᠵᠦ᠂  ᠣᠳᠣᠬᠠᠨ ᠳᠤ 45 ᠠᠷᠭ᠎ᠠ ᠴᠢᠨᠠᠷᠲᠠᠢ ᠬᠠᠯᠳᠠᠪᠤᠷᠢᠯᠠᠭᠰᠠᠳ  ᠪᠠᠶᠢᠵᠦ᠂  ᠡᠭᠦᠨ ᠳᠤ  ᠤᠨᠤᠰᠢᠯᠬᠠᠳ᠋ᠬᠠᠰᠡᠨ ᠡᠪᠡᠳᠴᠢᠨ ᠤ ᠵᠢᠱᠢᠶ᠎ᠡ 25  ᠂  ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ 20 ᠪᠠᠶᠢᠵᠤ᠂ ᠤᠨᠤᠰᠢᠯᠬᠠᠳ᠋ᠬᠠᠰᠡᠨ ᠡᠪᠡᠳᠴᠢᠳᠡᠨ ᠢ  ᠲᠣᠭᠲᠠᠮᠠᠯ ᠡᠮᠨᠡᠯᠭᠡ ᠶᠢᠨ  ᠬᠤᠷᠢᠶᠠᠨ ᠳᠤ  ᠲᠤᠰᠠᠭᠠᠷᠯᠠᠨ  ᠡᠮᠨᠡᠵᠦ  ᠂  ᠡᠪᠡᠳᠴᠢᠳᠡᠨ ᠤ  ᠪᠠᠶᠢᠳᠠᠯ  ᠲᠣᠭᠲᠠᠪᠤᠷᠢᠲᠠᠢ  ᠪᠠᠶᠢᠨ᠎ᠠ᠃            ᠡᠷᠢᠶᠡᠨ ᠬᠤᠲᠠ ᠨᠢᠭᠡᠨᠲᠡ ᠵᠢᠷᠭᠤᠭᠠᠨ ᠡᠭᠡᠯᠵᠢ ᠶᠢᠨ ᠣᠷᠣᠨ  ᠲᠤᠭᠤᠷᠢᠭ ᠤᠨ ᠪᠥᠭᠡᠮ ᠬᠦᠴᠢᠯ ᠤᠨ  ᠰᠢᠯᠭᠠᠨ ᠪᠠᠶᠢᠴᠠᠭᠠᠯᠳᠠ ᠬᠢᠵᠦ᠂ ᠥᠯᠢᠭᠡᠷ  ᠡᠳ᠋ ᠠᠪᠬᠤ  ᠦᠷ᠎ᠡ ᠪᠦᠲᠦᠮᠵᠢ ᠶᠢ ᠲᠠᠰᠤᠷᠠᠯᠲᠠ ᠦᠭᠡᠢ  ᠲᠡᠭᠡᠭᠰᠢᠯᠡᠭᠦᠯᠵᠦ᠂ ᠬᠢᠵᠢᠭ ᠤᠨ ᠪᠠᠶᠢᠳᠠᠯ ᠤᠨ ᠲᠦᠭᠰᠢᠭᠦᠷᠢ ᠶᠢ  ᠪᠦᠲᠦᠮᠵᠢᠲᠡᠶ ᠪᠠᠷ ᠪᠠᠶᠢᠴᠠᠭᠠᠵᠤ ᠪᠠᠶᠢᠨ᠎ᠠ᠃ 8 ᠰᠠᠷ᠎ᠠ ᠶᠢᠨ 6  ᠤ ᠡᠳᠤᠷ ᠤᠨ 6 ᠴᠠᠭ ᠲᠤ ᠳᠣᠯᠣᠳᠤᠭᠠᠷ ᠡᠭᠡᠯᠵᠢ ᠶᠢᠨ ᠣᠷᠣᠨ  ᠲᠤᠭᠤᠷᠢᠭ ᠤᠨ ᠪᠥᠭᠡᠮ ᠬᠦᠴᠢᠯ  ᠰᠢᠯᠭᠠᠨ ᠪᠠᠶᠢᠴᠠᠭᠠᠯᠳᠠ ᠬᠢᠭᠰᠡᠨ ᠪᠠᠶᠢᠨ᠎ᠠ᠃             ᠲᠤᠬᠠᠢ ᠶᠢᠨ ᠲᠠᠯᠠᠪᠤᠷ ᠤᠨ  ᠰᠢᠩᠭᠡᠭᠡᠯᠳᠡ᠄   ︵ ᠰᠤᠷᠪᠤᠯᠵᠢᠯᠭ᠎ᠠ︶       ᠡᠷᠢᠶᠡᠨ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠳᠡᠳ᠋ ᠶᠡᠷᠦᠩᠬᠡᠢ ᠵᠢᠯᠣᠭᠤᠳᠤᠭᠴᠢ᠂  ᠬᠤᠲᠠ ᠶᠢᠨ ᠳᠡᠳ᠋ ᠳᠠᠷᠤᠭ᠎ᠠ ᠸᠠᠩ ᠳ᠋ᠦᠩ ᠱᠧᠩ  ᠄           8  ᠰᠠᠷ᠎ᠠ ᠶᠢᠨ 6  ᠤ ᠡᠳᠤᠷ ᠤᠨ 12 ᠴᠠᠭ ᠪᠣᠯᠲᠠᠯ᠎ᠠ  ᠂  62397 ᠬᠥᠮᠥᠨ  ᠠᠴᠠ ᠥᠯᠢᠭᠡᠷ ᠡᠳ᠋ ᠠᠪᠴᠤ  ᠂ 61938 ᠬᠥᠮᠥᠨ  ᠤ ᠰᠢᠯᠭᠠᠨ ᠪᠠᠶᠢᠴᠠᠭᠠᠯᠳᠠ ᠶᠢ ᠬᠦᠷᠭᠡᠵᠦ᠂  15304 ᠬᠥᠮᠥᠨ ᠤ ᠰᠢᠯᠭᠠᠨ ᠪᠠᠶᠢᠴᠠᠭᠠᠯᠲᠠ ᠶᠢ  ᠪᠠᠶᠠᠯᠡᠭᠦᠯᠵᠦ  ᠂  ᠴᠥᠮ ᠪᠢᠯᠢᠭ ᠴᠢᠨᠠᠷᠲᠠᠢ  ᠪᠠᠶᠢᠨ᠎ᠠ᠃             ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠡᠷᠢᠶᠡᠨ ᠬᠤᠲᠠ  ᠢᠳᠡᠭᠡᠨ ᠤ ᠵᠦᠢᠯ ᠤᠨ ᠬᠠᠩᠭᠠᠯᠭ᠎ᠠ ᠶᠢ ᠪᠠᠲᠤᠯᠠᠬᠤ  ᠨᠢᠭᠡᠴᠢ   ᠲᠠᠢ  ᠬᠠᠷᠢᠯᠴᠠᠵᠦ᠂  ᠬᠠᠩᠭᠠᠯᠭ᠎ᠠ ᠶᠢ ᠪᠠᠲᠤᠯᠠᠬᠤ  ᠨᠢᠭᠡᠴᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠪᠠᠬᠢᠵᠢᠭᠦᠯᠵᠦ  ᠂ ᠵᠠᠬ᠎ᠠ ᠳᠡᠯᠭᠡᠭᠦᠷ ᠤᠨ ᠦᠨ᠎ᠡ ᠬᠠᠩᠰᠢ ᠡᠮᠬᠢ ᠳᠢᠭᠯᠢᠮ  ᠲᠠᠢ ᠪᠠᠶᠢᠬᠤ ᠶᠢ ᠪᠠᠳᠤᠯᠬᠠᠰᠡᠨ ᠤ ᠬᠠᠮᠳᠦ᠂  ᠴᠢᠯᠦᠭᠡᠳᠦ ᠳᠡᠯᠭᠡᠭᠦᠷ᠂ ᠲᠠᠷᠢᠶᠠᠯᠠᠩ ᠤᠨ ᠵᠠᠬ᠎ᠠ ᠳᠡᠯᠭᠡᠭᠦᠷ᠂ ᠡᠮ ᠤᠨ ᠳᠡᠯᠭᠡᠭᠦᠷ᠂ ᠵᠠᠬᠢᠶᠠᠯᠠᠭ᠎ᠠ ᠶᠢᠨ ᠬᠤᠭᠤᠯᠠᠨ ᠤ ᠲᠠᠪᠴᠠᠩ ᠵᠡᠷᠭᠡ ᠭᠤᠣᠯᠳᠠᠯᠭ᠎ᠠ ᠲᠠᠢ ᠲᠠᠯᠠᠪᠤᠷ  ᠤᠨ ᠲᠣᠭᠤᠷᠢᠨ ᠪᠠᠶᠢᠴᠠᠭᠠᠬᠤ  ᠡᠷᠴᠢᠮ ᠢᠶᠠᠨ ᠴᠢᠩᠭᠠᠷᠠᠭᠤᠯᠤᠠᠠᠰᠡᠨ ᠤ ᠲᠠᠭᠤ ᠨᠡᠶᠢᠭᠡᠮ ᠤᠨ  ᠲᠤᠰᠬᠠᠯ ᠳᠤ  ᠬᠠᠷᠢᠭᠤᠯᠲᠠ ᠥᠭᠴᠦ  ᠂ ᠵᠢᠷᠤᠮᠵᠢᠭᠤᠨ ᠪᠤᠰᠤ ᠦᠨ᠎ᠡ ᠬᠠᠩᠰᠢ ᠶᠢ ᠴᠠᠭ ᠲᠤᠬᠠᠢ ᠳᠤᠨᠢ ᠰᠢᠢᠳᠪᠦᠷᠢᠯᠡᠵᠦ  ᠂ ᠴᠡᠭᠴᠡᠯᠡᠨ  ᠰᠠᠶᠢᠵᠢᠷᠠᠭᠤᠯᠵᠠᠢ᠃           ᠲᠤᠬᠠᠢ ᠶᠢᠨ ᠲᠠᠯᠠᠪᠤᠷ ᠤᠨ  ᠰᠢᠩᠭᠡᠭᠡᠯᠳᠡ᠄   ︵ ᠰᠤᠷᠪᠤᠯᠵᠢᠯᠭ᠎ᠠ︶       ᠡᠷᠢᠶᠡᠨ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶᠠᠨ ᠤ ᠳᠡᠳ᠋ ᠳᠠᠷᠤᠭ᠎ᠠ ᠰᠦᠨ ᠬᠤᠩ ᠶᠠᠨ᠄         ᠲᠣᠰ ᠤᠳᠠᠭᠠᠨ ᠤ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠵᠠᠬ᠎ᠠ ᠳᠡᠯᠭᠡᠭᠦᠷ ᠤᠨ ᠡᠳ᠋ ᠪᠣᠳᠠᠰ ᠤᠨ ᠬᠠᠩᠭᠠᠯᠭ᠎ᠠ ᠭᠦᠢᠴᠡᠳ᠂  ᠦᠨ᠎ᠡ ᠬᠠᠩᠰᠢ ᠲᠣᠭᠲᠠᠭᠤᠨ ᠪᠠᠶᠢᠨ᠎ᠠ  ᠃  ᠬᠤᠳᠠ ᠶᠢᠨ ᠠᠷᠠᠳ ᠬᠢᠵᠢᠭ ᠤᠨ ᠬᠤᠭᠤᠴᠠᠭᠠᠨ   ᠳᠤ ᠬᠤᠭᠤᠴᠠᠭ᠎ᠠ ᠨᠢ ᠭᠡᠳᠤᠷᠡᠭᠰᠡᠨ᠂ ᠦᠨᠳᠤᠷ ᠦᠨ᠎ᠡ ᠲᠠᠢ᠂ ᠬᠤᠳᠠᠯ ᠬᠠᠭᠤᠷᠮᠠᠭ ᠪᠠᠷᠠᠭ᠎ᠠ ᠲᠠᠸᠠᠷ  ᠪᠤᠷᠤᠯᠠᠭᠤᠯᠤᠠᠠᠰᠡᠨ ᠠᠵᠢᠯᠯᠠᠭ᠎ᠠ ᠲᠠᠢ ᠲᠤᠬᠢᠶᠠᠯᠳᠤᠪᠠᠯ  12315 ᠪᠤᠶᠤ 12345  ᠢᠡᠯᠡᠴᠢᠯᠡᠨ ᠮᠡᠳᠡᠭᠦᠯᠬᠦ ᠤᠳᠠᠰᠤ ᠪᠠᠷ  ᠢᠯᠡᠴᠢᠯᠡᠨ ᠮᠡᠳᠡᠭᠦᠯᠵᠦ ᠪᠤᠯᠤᠨ᠎ᠠ᠃          ᠬᠢᠵᠢᠭ ᠤᠨ ᠪᠠᠶᠢᠳᠠᠯ ᠡᠭᠦᠰᠦᠭᠰᠡᠨ ᠡᠴᠡ‌ᠨᠠᠭᠠᠰᠢ᠂ ᠡᠷᠢᠶᠡᠨ ᠬᠤᠲᠠ ᠶᠢᠨ ᠵᠠᠮ ᠬᠠᠷᠢᠯᠴᠠᠭᠠᠨ ᠤ  ᠪᠠᠳᠤᠯᠭᠠᠨ ᠤ ᠳᠤᠭᠤᠶᠢᠯᠠᠩ  ᠲᠣᠬᠢᠷᠠᠭᠤᠯᠤᠯᠲᠠ ᠶᠢ ᠴᠢᠩᠭᠠᠳᠬᠠᠵᠤ᠂  ᠢᠳᠡᠪᠬᠢᠲᠡᠢ ᠪᠠᠷ ᠠᠷᠭ᠎ᠠ ᠬᠡᠮᠵᠢᠶ᠎ᠡ ᠠᠪᠴᠤ  ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠵᠠᠮ ᠬᠠᠷᠢᠯᠴᠠᠭᠠᠨ ᠤ  ᠪᠠᠳᠤᠯᠭᠠᠨ ᠤ ᠠᠵᠢᠯ ᠢ ᠰᠠᠶᠢᠲᠤᠷ ᠬᠢᠵᠦ᠂ ᠪᠠᠴᠢᠮ ᠪᠠᠶᠢᠳᠠᠯ ᠢ  ᠠᠷᠭᠠᠴᠠᠭᠠᠬᠤ  ᠪᠠᠳᠤᠯᠭᠠᠨ ᠤ ᠲᠡᠷᠭᠡᠨ ᠠᠩᠭᠢ  ᠭᠠᠷᠭᠠᠵᠦ᠂ ᠭᠤᠣᠯᠳᠠᠯᠭ᠎ᠠ ᠲᠠᠢ ᠡᠳ᠋  ᠪᠠᠷᠠᠭᠠᠨ ᠤ ᠰᠢᠭᠤᠷᠬᠠᠢ ᠨᠡᠪᠲᠡᠷᠡᠬᠦ ᠶᠢ ᠪᠠᠲᠤᠯᠠᠨ᠂  ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠡᠳ᠋  ᠪᠤᠳᠠᠰ ᠤᠨ ᠬᠠᠩᠭᠠᠯᠠᠭ᠎ᠠ ᠶᠢ ᠪᠠᠳᠤᠯᠠᠵᠠᠢ᠃                  ᠲᠤᠬᠠᠢ ᠶᠢᠨ ᠲᠠᠯᠠᠪᠤᠷ ᠤᠨ  ᠰᠢᠩᠭᠡᠭᠡᠯᠳᠡ᠄   ︵ ᠰᠤᠷᠪᠤᠯᠵᠢᠯᠭ᠎ᠠ︶            ᠡᠷᠢᠶᠡᠨ  ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶᠠᠨ ᠤ  ᠳᠡᠳ᠋ ᠳᠠᠷᠤᠭ᠎ᠠ ᠶᠦᠩ ᠱᠧᠩ᠄         ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠵᠦ᠂ ᠪᠠᠴᠢᠮ ᠪᠠᠶᠢᠳᠠᠯ ᠢ ᠠᠷᠭᠠᠴᠠᠭᠠᠬᠤ  ᠲᠡᠷᠭᠡ  ᠤᠨᠤᠭᠠᠨ ᠤ  ᠨᠡᠪᠳᠡᠷᠠᠯ  ᠂ ᠪᠠᠴᠢᠮ ᠪᠠᠶᠢᠳᠠᠯ ᠢ  ᠠᠷᠭᠠᠴᠠᠭᠠᠬᠤ ᠡᠳ᠋ ᠪᠣᠳᠠᠰ ᠢ ᠬᠥᠮᠥᠷᠭᠡᠯᠡᠨ ᠬᠠᠳᠠᠭᠠᠯᠠᠬᠤ ᠵᠢᠴᠢ ᠲᠣᠬᠢᠷᠠᠭᠤᠯᠤᠨ ᠬᠦᠷᠭᠡᠬᠦ ᠵᠡᠷᠭᠡ ᠠᠵᠢᠯ ᠢ ᠰᠠᠶᠢᠲᠤᠷ ᠬᠢᠵᠦ᠂  ᠲᠡᠭᠡᠭᠡᠪᠦᠷᠢ ᠶᠢᠨ ᠰᠠᠭᠠᠳ ᠦᠭᠡᠢ  ᠨᠡᠪᠳᠡᠷᠡᠬᠦ ᠶᠢ ᠪᠠᠳᠤᠯᠠᠨ᠎ᠠ᠃ ᠭᠤᠣᠯᠳᠠᠯᠭ᠎ᠠ ᠲᠠᠢ ᠡᠳ᠋ ᠪᠠᠷᠠᠭᠠᠨ ᠤ ᠲᠡᠭᠡᠭᠡᠪᠦᠷᠢ ᠶᠢᠨ   ᠤᠶᠤᠨᠴᠢᠯᠬᠠᠰᠡᠨ  ᠨᠡᠪᠳᠡᠷᠡᠯ ᠢ  ᠬᠡᠷᠡᠭᠵᠢᠭᠦᠯᠵᠦ᠂  ᠬᠢᠨᠠᠨ ᠬᠡᠮᠵᠢᠯᠳᠡ ᠶᠢᠨ ᠬᠡᠷᠡᠭᠰᠡᠯ᠂  ᠠᠮᠠᠪᠴᠢ᠂  ᠠᠷᠢᠭᠤᠳᠬᠠᠯ ᠤᠨ ᠬᠡᠷᠡᠭᠰᠡᠯ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋  ᠪᠠᠷᠠᠭᠠᠨ ᠤ ᠲᠡᠭᠡᠭᠡᠪᠦᠷᠢ ᠶᠢᠨ ᠪᠠᠲᠤᠯᠠᠭ᠎ᠠ  ᠶᠢ ᠰᠢᠯᠤᠭᠤᠳᠬᠠᠵᠦ᠂ ᠨᠡᠭᠦᠷᠡᠰᠦ᠂ ᠮᠢᠬᠠᠨ  ᠤ ᠵᠤᠶᠢᠯ᠂ ᠢᠳᠡᠰᠢᠨ ᠨᠣᠭᠤᠭ᠎ᠠ ᠵᠡᠷᠭᠡ ᠦᠢᠯᠡᠳᠪᠦᠷᠢᠯᠡᠯ ᠠᠮᠢᠳᠤᠷᠠᠯ ᠤᠨ ᠡᠳ᠋ ᠪᠠᠷᠠᠭ᠎ᠠ ᠶᠢ ᠤᠷᠢᠳᠠᠪᠠᠷ  ᠦᠩᠭᠡᠷᠡᠭᠦᠯᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠪᠠ ᠰᠠᠭᠤᠭᠠᠯᠢ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠨ᠎ᠠ  ᠃  
 
ᠢᠷᠡᠯᠲᠡ᠄ ᠬᠠᠮ ᠵᠢᠭᠤᠴᠢᠯᠠᠭᠤᠷ ᠤᠨ ᠶᠠᠷᠦᠩᠬᠡᠶᠢᠯᠡᠭᠰᠡᠨ ᠷᠠᠳᠢᠤ᠋
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号