ᠡᠷᠢᠶᠡᠨ ᠬᠤᠲᠠ ᠶᠢᠨ ᠲᠠᠪᠤᠳᠤᠭᠠᠷ ᠡᠭᠡᠯᠵᠢ ᠶᠢᠨ ᠣᠷᠣᠨ  ᠲᠤᠭᠤᠷᠢᠭ ᠤᠨ ᠪᠥᠭᠡᠮ ᠬᠦᠴᠢᠯ ᠤᠨ  ᠰᠢᠯᠭᠠᠨ ᠪᠠᠶᠢᠴᠠᠭᠠᠯᠳᠠ ᠡᠮᠬᠢ ᠵᠢᠷᠤᠮ ᠲᠠᠢ ᠶᠠᠪᠤᠠᠠᠳ᠋ᠬᠠᠰᠡᠨ
ᠨᠡᠶᠢᠲᠡᠯᠡᠭᠰᠡᠨ ᠴᠠᠭ᠄
2022/8/8
ᠡᠷᠢᠶᠡᠨ  ᠬᠤᠳᠠ   ᠶᠢᠨ  ᠶᠡᠷᠦᠩᠬᠡᠶᠢᠯᠬᠠᠰᠡᠨ ᠷᠠᠳᠢᠣ᠋ ᠶᠢᠨ  ᠰᠤᠷᠪᠤᠯᠵᠢᠯᠠᠭᠴᠢ  ᠪᠦᠷᠢᠩᠭᠤᠸ᠎ᠠ   ᠶᠢᠨ  ᠮᠡᠳᠡᠭᠡᠯᠡᠭᠰᠡᠨ  ᠢᠶᠠᠷ᠄ᠡᠷᠢᠶᠡᠨ ᠬᠤᠲᠠ ᠶᠢᠨ ᠲᠠᠪᠤᠳᠤᠭᠠᠷ ᠡᠭᠡᠯᠵᠢ ᠶᠢᠨ ᠣᠷᠣᠨ  ᠲᠤᠭᠤᠷᠢᠭ ᠤᠨ ᠪᠥᠭᠡᠮ ᠬᠦᠴᠢᠯ ᠤᠨ  ᠰᠢᠯᠭᠠᠨ ᠪᠠᠶᠢᠴᠠᠭᠠᠯᠳᠠ ᠡᠮᠬᠢ ᠵᠢᠷᠤᠮ ᠲᠠᠢ ᠶᠠᠪᠤᠠᠠᠳ᠋ᠬᠠᠰᠡᠨ         ᠬᠢᠵᠢᠭ ᠲᠠᠷᠬᠠᠬᠤ ᠶᠢ ᠲᠦᠷᠭᠡᠨ ᠪᠥᠭᠡᠳ ᠪᠦᠲᠦᠮᠵᠢᠲᠡᠶ ᠬᠤᠷᠢᠭᠯᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠡᠷᠢᠶᠡᠨ  ᠬᠤᠲᠠ ᠣᠷᠣᠨ  ᠲᠤᠭᠤᠷᠢᠭ ᠤᠨ ᠪᠥᠭᠡᠮ ᠬᠦᠴᠢᠯ ᠤᠨ  ᠰᠢᠯᠭᠠᠨ ᠪᠠᠶᠢᠴᠠᠭᠠᠯᠳᠠ ᠶᠢ ᠦᠷᠭᠦᠯᠵᠢᠯᠡᠨ ᠡᠮᠬᠢ ᠵᠢᠷᠤᠮ ᠲᠠᠢ ᠪᠠᠷ  ᠶᠠᠪᠤᠠᠠᠳᠠᠭᠤᠯᠪᠠ᠃        8  ᠰᠠᠷ᠎ᠠ ᠶᠢᠨ 4 ᠤ ᠡᠳᠦᠷ ᠤᠨ ᠥᠷᠯᠥᠭᠡ ᠶᠢᠨ 6 ᠴᠠᠭ ᠲᠤ᠂ ᠰᠤᠷᠪᠤᠯᠵᠢᠯᠠᠭᠴᠢ ᠡᠷᠢᠶᠡᠨ ᠬᠤᠳᠠ ᠶᠢᠨ ᠡᠯ᠎ᠡ ᠪᠥᠭᠡᠮ ᠬᠦᠴᠢᠯ ‍ᠦᠨ‌‍ᠰᠢᠯᠭᠠᠨ ᠪᠠᠶᠢᠴᠠᠭᠠᠯᠳᠠ ᠶᠢᠨ ᠴᠡᠭ  ᠲᠤ ᠬᠦᠷᠬᠦ ᠳᠤ  ᠂ ᠪᠥᠭᠡᠮ ᠬᠦᠴᠢᠯ ᠤᠨ ᠥᠯᠢᠭᠡᠷ ᠡᠳ᠋ ᠠᠪᠬᠤ ᠪᠠᠷ ᠢᠷᠡᠭᠰᠡᠨ ᠬᠤᠲᠠ ᠶᠢᠨ ᠠᠷᠠᠳ ᠡᠮᠬᠢ ᠵᠢᠷᠤᠮ ᠲᠠᠢ ᠪᠠᠷ ᠮᠥᠷᠯᠡᠨ᠂ ᠺᠣᠳ᠋ ᠰᠢᠷᠪᠢᠵᠦ ᠳᠡᠩᠰᠡᠯᠡᠨ ᠲᠡᠮᠳᠡᠭᠯᠡᠭᠦᠯᠵᠦ᠂ ᠤᠬᠠᠮᠰᠠᠷ   ᠠᠴᠠ ᠪᠠᠨ ᠠᠮᠤᠷ ᠲᠦᠪᠰᠢᠨ ᠤ ᠵᠠᠢ ᠶᠢ ᠪᠠᠲᠤᠯᠠᠵᠤ  ᠂  ᠪᠥᠭᠡᠮ ᠬᠦᠴᠢᠯ ᠤᠨ  ᠰᠢᠯᠭᠠᠨ ᠪᠠᠶᠢᠴᠠᠭᠠᠯᠳᠠ ᠬᠢᠯᠭᠡᠵᠦ ᠪᠠᠶᠢᠯ᠎ᠠ᠃         ᠸᠢᠷᠦ᠋ᠰ ᠤᠨ ᠬᠠᠯᠳᠠᠪᠤᠷᠢᠯᠠᠬᠤ  ᠬᠡᠮᠵᠢᠶ᠎ᠡ ᠶᠢ  ᠲᠦᠷᠭᠡᠨ ᠬᠤᠷᠳᠤᠴᠠ ᠪᠠᠷ ᠲᠠᠰᠤᠯᠵᠤ᠂ ︽ᠪᠠᠶᠢᠴᠠᠭᠠᠬᠤ ᠶᠣᠰᠣᠲᠠᠢ ᠶᠢ ᠨᠢ ᠴᠥᠮ ᠪᠠᠶᠢᠴᠠᠭᠠᠬᠤ︾  ᠶᠢᠨ ᠲᠥᠯᠥᠭᠡ᠂ ᠡᠷᠢᠶᠡᠨ ᠬᠤᠲᠠ ᠣᠷᠣᠨ  ᠲᠤᠭᠤᠷᠢᠭ ᠤᠨ ᠪᠥᠭᠡᠮ ᠬᠦᠴᠢᠯ ᠤᠨ  ᠰᠢᠯᠭᠠᠨ ᠪᠠᠶᠢᠴᠠᠭᠠᠯᠳᠠ ᠶᠢᠨ ᠠᠵᠢᠯ ᠤᠨ ᠲᠥᠰᠥᠯ ᠢ ᠲᠣᠭᠲᠠᠭᠠᠵᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠪᠥᠭᠡᠳ ᠪᠣᠳᠠᠲᠠᠢ ᠪᠠᠷ  ᠨᠠᠶᠢᠳᠠᠪᠦᠷᠢᠵᠢᠭᠤᠯᠵᠠᠢ᠃  ᠣᠳᠣᠬᠠᠨ ᠳᠤ ᠪᠥᠬᠦ ᠬᠤᠲᠠ ᠳᠤ ᠨᠡᠶᠢᠲᠡ 111 ᠥᠯᠢᠭᠡᠷ ᠡᠳ᠋ ᠠᠪᠬᠤ ᠴᠡᠭ ᠭᠠᠷᠭᠠᠵᠤ᠂  ᠡᠯ᠎ᠡ ᠥᠯᠢᠭᠡᠷ  ᠡᠳ᠋ ᠠᠪᠬᠤ ᠴᠡᠭ  ᠨᠢ  ︽ᠰᠢᠨ᠎ᠡ  ᠲᠢᠲᠢᠮᠯᠢᠭ  ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠥᠯ ︵ᠶᠢᠰᠦᠳᠦᠭᠡᠷ  ᠲᠤᠭᠠᠳᠦ︶︾  ᠶᠢ ᠴᠢᠩᠭ᠎ᠠ ᠬᠡᠷᠡᠭᠵᠢᠭᠦᠯᠵᠦ᠂ ᠪᠥᠭᠡᠮ ᠬᠦᠴᠢᠯ ᠤᠨ  ᠰᠢᠯᠭᠠᠨ ᠪᠠᠶᠢᠴᠠᠭᠠᠬᠤ ᠠᠵᠢᠯ ᠢ  ᠨᠠᠷᠢᠯᠢᠭ  ᠤᠨᠤᠪᠴᠢᠳᠠᠢ  ᠪᠠᠷ ᠥᠷᠨᠢᠭᠦᠯᠵᠦ ᠪᠠᠶᠢᠨ᠎ᠠ᠃      ᠣᠳᠣᠬᠠᠨ ᠳᠤ᠂ ᠥᠪᠡᠷᠲᠡᠭᠡᠨ ᠵᠠᠰᠠᠬᠤ ᠣᠷᠣᠨ᠂ ᠠᠬ᠎ᠠ ᠳᠡᠭᠦᠦ ᠠᠶᠢᠮᠠᠭ ᠬᠤᠲᠠ ᠬᠤᠰᠢᠭᠤ ᠰᠢᠶᠠᠨ ᠤ ᠡᠮᠴᠢ ᠰᠤᠪᠢᠯᠠᠭᠴᠢᠳ ᠡᠷᠢᠶᠡᠨ ᠬᠤᠲᠠ  ᠳᠤ ᠢᠷᠡᠵᠦ  ᠂  203 ᠡᠮᠴᠢ ᠰᠤᠪᠢᠯᠠᠭᠴᠢ ᠨᠢᠭᠡᠨᠳᠡ  ᠪᠦᠭᠡᠮ ᠬᠦᠴᠢᠯ ᠤᠨ ᠥᠯᠢᠭᠡᠷ ᠡᠳ᠋ ᠠᠪᠬᠤ  ᠠᠵᠢᠯ ᠳᠤ ᠤᠷᠤᠯᠴᠠᠵᠦ᠂  ᠡᠨᠡᠬᠦ ᠠᠵᠢᠯ ᠢ  ᠪᠦᠲᠦᠮᠵᠢᠲᠡᠶ  ᠂ ᠡᠮᠬᠢ ᠵᠢᠷᠤᠮ ᠲᠠᠢ ᠲᠦᠯᠬᠢᠨ ᠠᠬᠢᠭᠤᠯᠬᠤ ᠳᠤ ᠬᠦᠴᠦ ᠨᠡᠮᠡᠷᠢᠯᠡᠵᠦ ᠪᠠᠶᠢᠨ᠎ᠠ᠃           ᠤᠯᠠᠨ ᠬᠦᠮᠦᠰ ᠤᠨ ᠬᠠᠮᠳᠦ ᠶᠢᠨ  ᠴᠢᠷᠮᠠᠶᠢᠯᠭ᠎ᠠ ᠪᠠᠷ   ᠡᠨᠡᠬᠦ ᠤᠳᠠᠭ᠎ᠠ ᠦᠭᠡᠢ ᠲᠠᠶᠢᠨ ᠢ  ᠤᠳᠠᠯ ᠦᠭᠡᠢ   ᠢᠯᠡᠬᠤ ᠨᠢ ᠯᠠᠪᠳᠠᠢ᠃
 
ᠢᠷᠡᠯᠲᠡ᠄ ᠬᠠᠮ ᠵᠢᠭᠤᠴᠢᠯᠠᠭᠤᠷ ᠤᠨ ᠶᠠᠷᠦᠩᠬᠡᠶᠢᠯᠡᠭᠰᠡᠨ ᠷᠠᠳᠢᠤ᠋
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号